ᠨᠢᠭᠡᠳᠦᠭᠡᠷ ᠤᠯᠠᠷᠢᠯ ᠳᠤ ᠴᠢᠩᠱᠠᠨ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠲᠣᠭᠲᠠᠪᠤᠷᠢᠵᠢᠨ ᠰᠠᠶᠢᠵᠢᠷᠠᠪᠠ
ᠨᠡᠶᠢᠲᠡᠯᠡᠭᠰᠡᠨ ᠴᠠᠭ᠄
2024/4/24
      ᠡᠨᠡ ᠵᠢᠯ ᠮᠠᠨ ᠤ ᠲᠤᠭᠤᠷᠢᠭ ᠤᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠪᠦᠬᠦᠯᠢ ᠴᠣᠭᠴᠠ ᠪᠠᠷ ᠢᠶᠠᠨ ᠰᠡᠷᠭᠦᠵᠦ᠂ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠢᠯᠡᠳᠲᠡ ᠢᠯᠡᠷᠡᠵᠦ᠂ ᠵᠠᠬ᠎ᠠ ᠳᠡᠯᠭᠡᠭᠦᠷ ᠤᠨ ᠠᠷᠠᠯᠵᠢᠶ᠎ᠠ ᠤᠯᠠᠮ ᠢᠶᠠᠷ ᠲᠣᠭᠲᠠᠪᠤᠷᠢᠵᠢᠨ ᠰᠠᠶᠢᠵᠢᠷᠠᠪᠠ᠃ ᠨᠢᠭᠡᠳᠦᠭᠡᠷ ᠤᠯᠠᠷᠢᠯ ᠳᠤ ᠮᠠᠨ ᠤ  ᠲᠤᠭᠤᠷᠢᠭ ᠤᠨ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ 11.96 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27% ᠪᠠᠷ ᠨᠡᠮᠡᠭᠳᠡᠨ᠂ 1 ︱ 2 ᠳ᠋ᠤᠭᠠᠷ ᠰᠠᠷ᠎ᠠ ᠶᠢᠨ ᠬᠢ ᠠᠴᠠ 105.3 ᠵᠠᠭᠤᠨ ᠤ ᠨᠢᠭᠡᠴᠢ ᠳᠡᠭᠡᠭᠰᠢᠯᠡᠵᠡᠢ᠃ ᠡᠭᠦᠨ ᠳᠤ᠄ ᠣᠷᠣᠨ ᠰᠠᠭᠤᠴᠠ ᠶᠢᠨ ᠲᠥᠷᠥᠯ ᠤᠨ ᠪᠣᠷᠤᠯᠠᠭᠤᠯᠭ᠎ᠠ ᠶᠢᠨ ᠲᠠᠯᠠᠪᠠᠶ 9.03 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠪᠡ︔ ᠣᠷᠣᠨ ᠰᠠᠭᠤᠴᠠ ᠶᠢᠨ ᠪᠤᠰᠤ ᠲᠥᠷᠥᠯ ᠤᠨ ᠪᠣᠷᠤᠯᠠᠭᠤᠯᠭ᠎ᠠ ᠶᠢᠨ ᠲᠠᠯᠠᠪᠠᠶ 2.93 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 137.1% ᠪᠠᠷ ᠨᠡᠮᠡᠭᠳᠡᠪᠡ᠃ ᠪᠣᠷᠣᠯᠠᠭᠤᠯᠤᠯᠲᠠ ᠶᠢᠨ ᠬᠡᠮᠵᠢᠶ᠎ᠡ 14.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 87.5% ᠪᠠᠷ ᠨᠡᠮᠡᠭᠳᠡᠨ᠂ 1 ︱ 2 ᠳ᠋ᠤᠭᠠᠷ ᠰᠠᠷ᠎ᠠ ᠶᠢᠨ ᠬᠢ ᠠᠴᠠ 171.5 ᠵᠠᠭᠤᠨ ᠤ ᠨᠢᠭᠡᠴᠢ ᠳᠡᠭᠡᠭᠰᠢᠯᠡᠵᠡᠢ᠃ ᠡᠭᠦᠨ ᠳᠤ᠄ ᠣᠷᠣᠨ ᠰᠠᠭᠤᠴᠠ ᠶᠢᠨ ᠲᠥᠷᠥᠯ ᠤᠨ ᠪᠣᠷᠣᠯᠠᠭᠤᠯᠤᠯᠲᠠ ᠶᠢᠨ ᠲᠤᠭ᠎ᠠ 10.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.7% ᠨᠡᠮᠡᠭᠳᠡᠪᠡ︔ ᠣᠷᠣᠨ ᠰᠠᠭᠤᠴᠠ ᠶᠢᠨ ᠪᠤᠰᠤ ᠲᠥᠷᠥᠯ ᠤᠨ ᠪᠣᠷᠤᠯᠠᠭᠤᠯᠭ᠎ᠠ ᠶᠢᠨ ᠲᠤᠭ᠎ᠠ 4.41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 204.3% ᠨᠡᠮᠡᠭᠳᠡᠪᠡ᠃ ᠲᠤᠰ ᠰᠠᠷ᠎ᠠ ᠵᠧᠩ ᠰᠢᠶᠠᠩ᠂ ᠹᠠᠩ ᠰᠢᠩ ᠬᠦᠰᠡᠯᠡᠩᠲᠦ ᠲᠦᠷᠦᠯ ᠵᠦᠢᠯ ᠤᠨ ᠣᠷᠣᠨ ᠪᠠᠶᠢᠷᠢ ᠶᠢᠨ ᠳᠠᠪᠠᠭᠤᠯᠢᠭ ᠪᠣᠷᠤᠯᠠᠭᠤᠯᠭ᠎ᠠ ᠨᠡᠯᠢᠶᠡᠳ ᠤᠯᠠᠠ ᠪᠠᠶᠢᠵᠤ᠂ ᠮᠠᠨ ᠤ ᠲᠤᠭᠤᠷᠢᠭ ᠤᠨ ᠪᠣᠷᠤᠯᠠᠭᠤᠯᠭ᠎ᠠ ᠶᠢᠨ ᠲᠠᠯᠠᠪᠠᠢ᠂ ᠪᠣᠷᠤᠯᠠᠭᠤᠯᠭ᠎ᠠ ᠶᠢᠨ ᠬᠡᠮᠵᠢᠶ᠎ᠡ ᠶᠢ ᠦᠳᠲᠡᠷ ᠲᠦᠷᠭᠡᠨ ᠨᠡᠮᠡᠭᠳᠡᠭᠦᠯᠬᠦ ᠶᠢ ᠲᠠᠶᠢᠴᠢᠯᠠᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号