ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ︽ᠲᠦᠷᠭᠡᠨ ᠳᠠᠮᠵᠢᠭᠤᠯᠤᠭᠴᠢ︾ ᠪᠤᠯᠤᠨ᠎ᠠ ︱ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠪᠤᠢ
ᠨᠡᠶᠢᠲᠡᠯᠡᠭᠰᠡᠨ ᠴᠠᠭ᠄
2024/4/24
      ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠣᠯᠠᠨ ᠬᠡᠯᠪᠡᠷᠢ ᠶᠢᠨ᠂ ᠣᠯᠠᠨ ᠣᠷᠣᠨ ᠪᠠᠶᠢᠷᠢ ᠶᠢᠨ᠂ ᠣᠯᠠᠨ ᠲᠠᠰ ᠳᠠᠪᠬᠤᠷᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠳᠤᠮᠳᠠ᠂ ᠠᠵᠤ ᠠᠬᠤᠶᠢᠯᠠᠯ ᠳᠤ ︽ᠨᠢᠭᠤᠷᠲᠠᠨ︾ ᠣᠷᠣᠭᠤᠯᠤᠭᠰᠠᠨ ᠪᠠᠶᠢᠨ᠎ᠠ᠃ 2024 ᠣᠨ ᠤ 1 ︱ 4  ᠳ᠋ᠦ᠋ᠭᠡᠷ ᠰᠠᠷ᠎ᠠ ᠳᠤ᠂ ᠤᠬᠠᠭᠤᠯᠭ᠎ᠠ ᠶᠢᠨ ᠠᠵᠢᠯᠯᠠᠭ᠎ᠠ ᠶᠢ ᠨᠡᠶᠢᠲᠡ 13 ᠲᠠᠯᠠᠪᠤᠷ ᠤᠳᠠᠭ᠎ᠠ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ︽ᠤᠭᠤᠲᠠ︾ ᠶᠢ ᠮᠢᠩᠭ᠎ᠠ ᠭᠠᠷᠤᠢ ᠬᠤᠪᠢ ᠲᠠᠷᠬᠠᠭᠠᠵᠤ᠂ 2000 ᠭᠠᠷᠤᠢ ᠣᠯᠠᠨ ᠲᠦᠮᠡᠨ ᠢ ᠬᠠᠮᠤᠷᠪᠠ᠃       ᠨᠢᠭᠡ᠂ ︽ᠬᠠᠯᠠᠭᠤᠨ ᠳᠤᠯᠠᠭᠠᠨ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠪᠣᠳᠣᠯ  ᠢ ᠪᠣᠳᠣᠯᠬᠢᠯᠠᠨ᠎ᠠ       ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ︽ᠲᠦᠷᠭᠡᠨ ᠳᠠᠮᠵᠢᠭᠤᠯᠤᠭᠴᠢ︾ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠤᠬᠠᠭᠤᠯᠭ᠎ᠠ ᠶᠢᠨ ᠬᠠᠭᠤᠳᠠᠰᠤ ᠲᠠᠯᠪᠢᠵᠤ᠂ ᠲᠥᠷᠥ ᠶᠢᠨ ᠪᠣᠳᠣᠯᠭ᠎ᠠ ᠶᠢᠨ ᠬᠤᠶᠠᠷ ᠬᠡᠮᠵᠢᠯᠲᠦ ᠲᠡᠮᠳᠡᠭ ᠢ ᠪᠤᠶ ᠪᠣᠯᠭᠠᠵᠤ᠂ ᠣᠯᠠᠨ ᠲᠦᠮᠡᠨ ᠢ ᠵᠢᠯᠣᠭᠤᠳᠤᠨ ᠲᠥᠷᠥ ᠶᠢᠨ ᠶᠠᠪᠤᠳᠠᠯ ᠢ ᠣᠶᠢᠯᠠᠭᠠᠭᠤᠯᠵᠤ᠂ ᠤᠬᠠᠭᠤᠯᠭ᠎ᠠ ᠶᠢᠨ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠲᠠᠪᠴᠠᠩ᠂ ᠳᠡᠯᠭᠡᠨ ᠦᠵᠡᠭᠦᠯᠬᠦ ᠰᠠᠮᠪᠠᠷ᠎ᠠ᠂ ᠬᠥᠨᠳᠡᠯᠡᠨ ᠪᠢᠴᠢᠭᠡᠰᠦ ᠡᠯᠭᠦᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠨᠥᠬᠦᠵᠦ ᠰᠣᠯᠢᠬᠤ᠂ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠵᠡᠷᠭᠡ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠨᠠᠰᠤᠵᠢᠯ ᠤᠨ ᠠᠰᠠᠷᠠᠮᠵᠢ ᠶᠢᠨ ᠲᠠᠩᠰᠠ ᠶᠢ ᠲᠣᠳᠣᠷᠬᠠᠶᠢᠯᠠᠨ ᠪᠤᠳᠤᠵᠤ᠂ ᠥᠷᠭᠡᠨ ᠣᠯᠠᠨ ᠲᠦᠮᠡᠨ ᠳᠤ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠲᠣᠰ ᠪᠡᠶ᠎ᠡ ᠶᠢᠨ ᠡᠷᠬᠡ ᠠᠰᠢᠭ ᠢ ᠨᠢ ᠮᠡᠳᠡᠭᠦᠯᠦᠨ᠎ᠡ᠃       ᠬᠤᠶᠠᠷ᠂ ︽ᠡᠷᠴᠢᠮ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠬᠡᠷᠡᠭᠴᠡᠭᠡ ᠶᠢ ᠬᠠᠩᠭᠠᠨ᠎ᠠ      ︽ᠨᠡᠶᠢᠭᠡᠮ ᠤᠨ ᠪᠠᠲᠤᠯᠠᠭ᠎ᠠ ᠶᠢᠨ ᠲᠥᠪ ᠤᠨ ᠤᠬᠠᠭᠤᠯᠭ᠎ᠠ ᠶᠢ ᠮᠠᠰᠢ ᠪᠣᠳᠠᠲᠠᠶᠢᠵᠢᠭᠤᠯᠵᠤ᠂ ᠦᠷᠭᠦᠯᠵᠢ ᠠᠵᠤ ᠠᠬᠤᠶᠢᠯᠠᠯ ᠳᠤ ᠭᠦᠨᠵᠡᠭᠡᠶᠢᠷᠡᠵᠦ᠂ ᠪᠢᠳᠡ ᠴᠠᠭ ᠲᠤᠬᠠᠢ ᠳᠤᠨᠢ ᠳᠠᠭᠠᠳᠬᠠᠯ ᠳᠤ ᠣᠷᠣᠯᠴᠠᠵᠤ᠂ ᠮᠠᠨ ᠤ ᠡᠷᠬᠡ ᠠᠰᠢᠭ ᠢ ᠪᠠᠲᠤᠯᠠᠪᠠ︾ ᠭᠡᠵᠦ ᠴᠢᠩᠱᠠᠨ ᠲᠣᠭᠤᠷᠢᠭ ᠤᠨ ᠬᠤᠩ ᠶᠤᠸᠠᠨ ᠵᠠᠩ ᠠᠪᠠᠭ᠋ᠠᠢ ᠬᠡᠯᠡᠵᠡᠢ᠃ ᠤᠬᠠᠭᠤᠯᠭ᠎ᠠ ᠶᠢᠨ ᠦᠢᠯᠡᠴᠢᠯᠡᠭᠡ ᠶᠢ ᠤᠷᠲᠤᠳᠬᠠᠵᠤ᠂ ᠲᠤᠬᠠᠶᠢᠯᠠᠭᠰᠠᠨ ᠠᠵᠢᠯ ᠤᠨ ᠶᠡᠭᠡ ᠲᠢᠩᠬᠢᠮ ᠢ ᠬᠦᠷᠢᠶᠡᠯᠡᠩ ᠲᠣᠭᠤᠷᠢᠭ ᠲᠤ ᠨᠡᠭᠦᠯᠭᠡᠨ ᠠᠪᠴᠢᠷᠠᠵᠤ᠂ ᠠᠵᠤ ᠠᠬᠤᠶᠢᠯᠠᠯ ᠤᠨ ᠬᠥᠳᠡᠯᠮᠦᠷᠢ ᠴᠠᠯᠢᠩ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠵᠢᠯᠤᠭᠤᠳᠴᠤ᠂ ᠲᠤᠬᠠᠢ ᠶᠢᠨ ᠲᠠᠯᠠᠪᠤᠷ ᠲᠤ ᠠᠵᠢᠯᠲᠠᠨ ᠠᠵᠢᠯᠴᠢᠨ ᠳᠤ ᠨᠡᠮᠡᠵᠦ ᠬᠠᠰᠤᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢᠨ ᠬᠠᠮᠲᠤ ᠠᠵᠤ ᠠᠬᠤᠶᠢᠯᠠᠯ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠭᠡᠮ ᠤᠨ ᠪᠠᠲᠤᠯᠠᠭ᠎ᠠ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠳᠤ ᠨᠡᠶᠢᠭᠡᠮ ᠤᠨ ᠪᠠᠲᠤᠯᠠᠭ᠎ᠠ ᠶᠢᠨ ᠭᠠᠷ ᠭᠦᠢᠴᠡᠳᠬᠡᠯ ᠢ ᠴᠠᠭ ᠲᠤᠬᠠᠢ ᠳᠤᠨᠢ ᠭᠦᠢᠴᠡᠳᠬᠡᠬᠦ ᠶᠢ  ᠱᠠᠯᠠᠪᠳᠠᠭᠤᠯᠤᠨ᠎ᠠ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ︽ᠲᠣᠳᠣᠷᠬᠠᠢ ᠳᠠᠩᠰᠠ︾ ᠶᠢ ᠰᠠᠶᠢᠲᠤᠷ ᠪᠤᠳᠤᠵᠤ᠂ ᠠᠵᠤ ᠠᠬᠤᠶᠢᠯᠠᠯ ᠤᠨ ︽ᠥᠪᠡᠷ ᠤᠨ ᠥᠷᠲᠡᠭ ᠤᠨ ᠳᠠᠩᠰᠠ︾ ᠶᠢ ᠰᠠᠶᠢᠲᠤᠷ ᠪᠤᠳᠤᠵᠤ ᠦᠭᠭᠦᠨ᠎ᠡ᠃       ᠭᠤᠷᠪᠠ᠂ ︽ᠭᠦᠨᠴᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠦᠢᠯᠡᠳᠦᠯᠭᠡᠵᠢᠭᠦᠯᠦᠨ᠎ᠡ      ︽ᠰᠦᠯᠵᠢᠶ᠎ᠡ᠂ ᠪᠢᠴᠢᠯ᠂ ᠦᠵᠦᠭᠦᠷ᠂ ᠳᠡᠯᠭᠡᠴᠡ︾ ᠶᠢ ᠭᠦᠢᠴᠡᠳ ᠠᠰᠢᠭᠯᠠᠨ᠂ ᠤᠬᠠᠭᠤᠯᠭ᠎ᠠ ᠶᠢᠨ ᠵᠢᠭᠰᠠᠭᠠᠯ ᠢ ᠥᠷᠭᠡᠳᠬᠡᠵᠦ᠂ ᠲᠥᠷᠥ ᠶᠢᠨ ᠪᠣᠳᠣᠯᠭ᠎ᠠ ᠶᠢᠨ ᠦᠵᠡᠭᠳᠡᠯᠲᠦ ᠵᠦᠴᠦᠭᠡ ᠶᠢ ᠰᠡᠭᠦᠳᠡᠷᠯᠡᠨ᠂ ᠲᠥᠷᠥ ᠶᠢᠨ ᠪᠣᠳᠣᠯᠭ᠎ᠠ ᠶᠢᠨ ᠵᠢᠵᠢᠭ ᠸᠢᠳᠢᠤ᠋ ᠵᠣᠬᠢᠶᠠᠵᠤ᠂ ᠬᠠᠷᠢᠯᠴᠠᠨ ᠬᠥᠳᠡᠯᠦᠯᠴᠡᠵᠦ ᠠᠰᠠᠭᠤᠯᠲᠠ ᠬᠠᠷᠢᠭᠤᠯᠲᠠ ᠶᠢ ᠰᠢᠭᠤᠳ ᠨᠠᠪᠲᠠᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠬᠦᠴᠦᠯᠡᠬᠦ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠡᠯᠪᠡᠷᠢ ᠶᠢ ᠦᠷᠭᠦᠯᠵᠢᠯᠡᠨ ᠪᠠᠶᠠᠯᠢᠭᠵᠢᠭᠤᠯᠵᠤ᠂ ᠠᠷᠠᠳ ᠣᠯᠠᠨ ᠢ ︽ᠬᠡᠵᠢᠶ᠎ᠡ ᠴᠦ ᠰᠣᠨᠣᠰᠬᠤ ᠳᠤᠷᠠᠲᠠᠢ᠂ ᠰᠣᠨᠣᠰᠤᠮᠠᠭᠴᠠ ᠣᠶᠢᠯᠠᠭᠠᠬᠤ︾ ᠪᠣᠯᠭᠠᠨ᠎ᠠ᠃       ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠢᠨ ᠦᠷᠭᠦᠯᠵᠢᠯᠡᠨ ᠤᠯᠠᠨ ᠲᠦᠮᠡᠨ ᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ  ᠤᠨ ᠳᠤᠷᠠᠳᠤᠭᠰᠠᠨ ︽ᠠᠰᠠᠭᠤᠳᠠᠯ ᠢ ᠰᠢᠢᠳᠪᠦᠷᠢᠯᠡᠬᠦ ᠵᠣᠷᠢᠯᠲᠠ ᠪᠣᠯ ᠳᠠᠷᠤᠢ ᠠᠷᠠᠳ ᠲᠦᠮᠡᠨ ᠳᠤ ᠦᠢᠯᠡᠴᠢᠯᠡᠬᠦ ᠶᠠᠪᠤᠳᠠᠯ ᠪᠣᠯᠣᠨ᠎ᠠ︾ ᠭᠡᠬᠦ ᠵᠠᠷᠴᠢᠮ ᠢ ᠰᠠᠶᠢᠲᠤᠷ ᠦᠢᠯᠡᠳᠦᠯᠭᠡᠵᠢᠭᠦᠯᠵᠦ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ︽ᠲᠦᠷᠭᠡᠨ ᠳᠠᠮᠵᠢᠭᠤᠯᠤᠭᠴᠢ︾ ᠪᠣᠯᠬᠤ ᠪᠣᠯᠣᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号