1—3 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ︵ᠰᠦᠯᠵᠢᠶ᠎ᠡ ᠪᠠᠷ ᠰᠢᠭᠤᠳ ᠮᠡᠳᠡᠭᠦᠯᠬᠦ ᠳᠤ ᠴᠠᠬᠢᠯᠭᠠᠨ ᠬᠠᠩᠭᠠᠬᠤ ᠶᠢ ᠪᠠᠭᠲᠠᠭᠠᠨ᠎ᠠ︶ ᠶᠢᠨ ᠦᠢᠯᠡᠳᠬᠦᠨ ᠤ ᠥᠷᠲᠡᠭ | ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠨ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 17.7 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ | ᠨᠢ ᠬᠤᠲᠠ ᠶᠢᠨ ᠲᠠᠪᠤᠨ ᠲᠣᠭᠤᠷᠢᠭ ᠲᠤ ᠬᠤᠶᠠᠳᠤᠭᠠᠷ ᠲᠤ ᠣᠷᠣᠪᠠ᠃ | ᠠᠵᠢᠯ ᠲᠥᠷᠥᠯ ᠤᠨ ᠦᠢᠯᠡᠳᠬᠦᠨ ᠤ ᠥᠷᠲᠡᠭ ᠠᠴᠠ ᠦᠵᠡᠪᠡᠯ᠂ 10 ᠠᠵᠢᠯ ᠲᠥᠷᠥᠯ ᠨᠡᠮᠡᠭᠳᠡᠬᠦ | ᠬᠠᠨᠳᠤᠰᠢ ᠲᠠᠢ ᠪᠠᠶᠢᠨ᠎ᠠ᠃ ᠡᠭᠦᠨ ᠳᠤ᠄ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ︵ᠰᠦᠯᠵᠢᠶ᠎ᠡ ᠪᠠᠷ ᠰᠢᠭᠤᠳ ᠮᠡᠳᠡᠭᠦᠯᠬᠦ ᠳᠤ ᠴᠠᠬᠢᠯᠭᠠᠨ ᠬᠠᠩᠭᠠᠬᠤ ᠶᠢ ᠪᠠᠭᠲᠠᠭᠠᠨ᠎ᠠ︶ ᠳᠤ ᠲᠠᠲᠠᠬᠤ ᠬᠦᠴᠦᠨ ᠮᠥᠨ ᠬᠦ | ᠬᠠᠮᠤᠭ ᠤᠨ ᠴᠢᠩᠭ᠎ᠠ ᠪᠠᠶᠢᠵᠤ᠂ ᠪᠡᠶᠡᠯᠡᠭᠦᠯᠦᠭᠰᠡᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ | 16.4% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 7.8 ᠵᠠᠭᠤᠨ ᠤ | ᠨᠢᠭᠡᠴᠢ ᠳᠠᠶᠢᠴᠢᠯᠠᠪᠠ︔ ᠡᠭᠦᠨ ᠠᠴᠠ ᠭᠠᠳᠠᠨ᠎ᠠ᠂ ᠭᠤᠮ ᠪᠠ ᠰᠦᠯᠢᠶᠥᠦ ᠪᠦᠲᠦᠭᠡᠭᠳᠡᠬᠦᠨ ᠤ ᠦᠢᠯᠡᠰ᠂ ᠨᠡᠶᠢᠳᠡᠮ | ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ᠂ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠢᠯᠡᠳᠬᠦ ᠦᠢᠯᠡᠰ | ᠠᠳᠠᠯᠢ ᠬᠤᠭᠤᠴᠠᠭᠠᠨ ᠤ ᠬᠢ ᠠᠴᠠ ᠲᠣᠰ ᠲᠣᠰ 100.5 ᠳᠠᠬᠢᠨ᠂ 2.8 ᠳᠠᠬᠢᠨ᠂ 2.7 ᠳᠠᠬᠢᠨ ᠨᠡᠮᠡᠭᠳᠡᠵᠡᠢ᠃ | ᠦᠢᠯᠡᠳᠬᠦᠨ ᠤ ᠭᠠᠷᠤᠯᠲᠠ ᠠᠴᠠ ᠦᠵᠡᠪᠡᠯ᠂ ᠣᠶᠢᠷ᠎ᠠ ᠶᠢᠨ 2 ᠵᠦᠢᠯ ᠤᠨ ᠭᠤᠣᠯ ᠪᠣᠯᠬᠤ ᠠᠵᠤ | ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠳᠡᠭᠡᠷ᠎ᠡ ᠵᠢᠯ ᠤᠨ ᠬᠢ ᠠᠴᠠ ᠡᠳᠦᠢ ᠲᠡᠳᠦᠢ ᠨᠡᠮᠡᠭᠳᠡᠪᠡ᠂ ᠡᠭᠦᠨ ᠳᠤ᠄ | ᠬᠠᠮᠤᠭ ᠤᠨ ᠲᠦᠷᠭᠡᠨ ᠨᠡᠮᠡᠭᠳᠡᠭᠰᠡᠨ ᠦᠢᠯᠡᠳᠬᠦᠨ ᠨᠢ ᠲᠠᠩ ᠲᠠᠯᠠᠰᠲᠤ ᠴᠠᠬᠢᠭᠤᠷ ᠪᠠᠶᠢᠵᠤ᠂ ᠭᠠᠷᠤᠯᠲᠠ ᠨᠢ ᠠᠳᠠᠯᠢ | ᠬᠤᠭᠤᠴᠠᠭᠠᠨ ᠤ ᠬᠢ ᠠᠴᠠ 91.3% ᠪᠠᠷ ᠨᠡᠮᠡᠭᠳᠡᠵᠦ᠂ ᠵᠡᠰ ᠮᠠᠲ᠋ᠧᠷᠢᠶᠠᠯ ᠨᠢ ᠠᠳᠠᠯᠢ ᠬᠤᠭᠤᠴᠠᠭᠠᠨ ᠤ ᠲᠤᠭ᠎ᠠ | ᠦᠭᠡᠢ ᠠᠴᠠ ᠴᠡᠪᠡᠷ ᠨᠡᠮᠡᠭᠳᠡᠯ ᠢ ᠪᠡᠶᠡᠯᠡᠭᠦᠯᠦᠭᠰᠡᠨ ᠪᠠᠶᠢᠨ᠎ᠠ᠃ | |