ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠢᠢᠬᠢᠳᠬᠦ ᠬᠡᠯᠪᠡᠷᠢ ᠶᠢᠨ ᠬᠥᠭᠵᠢᠯᠲᠡ ᠶᠢᠨ | ᠲᠥᠯᠥᠪᠯᠡᠭᠡ ᠶᠢ ᠨᠡᠩ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ ᠮᠦᠩᠬᠡᠵᠢᠯ ᠵᠠᠮ ᠤᠨ ᠵᠡᠭᠡᠯᠢ ᠭᠤᠳᠤᠮᠵᠢ ︽ᠳᠥᠷᠪᠡ ᠶᠢ | ᠠᠭᠤᠰᠤᠯᠴᠠᠭᠤᠯᠬᠤ︾ ᠪᠠᠷ ᠳᠠᠮᠵᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠭᠤᠣᠯ ᠱᠤᠭᠤᠮ ᠤᠨ ᠠᠵᠢᠯ ᠤᠨ ᠲᠥᠪᠯᠡᠩᠭᠦᠢ ᠬᠦᠴᠦᠨ ᠢ ᠪᠠᠳᠤᠳᠬᠠᠪᠠ᠃ | ᠨᠢᠭᠡ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠠᠭᠤᠰᠤᠯᠴᠠᠵᠤ᠂ ᠭᠤᠣᠯ ᠱᠤᠭᠤᠮ ᠤᠨ | ᠠᠵᠢᠯ ᠤᠨ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠤᠨ᠎ᠠ | ᠵᠡᠭᠡᠯᠢ ᠭᠤᠳᠤᠮᠵᠢ ᠳᠤ ︽ᠲᠦᠮᠡᠨ ᠡᠷᠦᠬᠡ ᠶᠢᠨ ᠡᠵᠡᠨ︾ ᠤ ᠰᠦᠯᠵᠢᠶᠡᠨ ᠤ ᠪᠢᠴᠢᠯ ᠪᠣᠳᠠᠲᠤ ᠶᠠᠪᠤᠳᠠᠯ ᠤᠨ | ᠲᠥᠷᠥᠯ ᠵᠦᠢᠯ ᠢ ᠬᠡᠷᠡᠭᠵᠢᠭᠦᠯᠪᠡ᠃ ᠳᠤᠭᠤᠢ ᠲᠡᠷᠭᠡ ᠵᠣᠭᠰᠤᠭᠠᠬᠤ ᠭᠠᠵᠠᠷ ᠭᠠᠷᠭᠠᠬᠤ᠂ ᠰᠤᠯᠠ ᠵᠠᠳᠠᠭᠠᠢ | ᠬᠤᠳᠳᠤᠭ ᠤᠨ ᠠᠮᠠᠰᠠᠷ ᠢ ᠰᠡᠯᠪᠢᠨ ᠵᠠᠰᠠᠬᠤ᠂ ᠡᠪᠳᠡᠷᠡᠵᠦ ᠰᠦᠢᠳᠦᠭᠰᠡᠨ ᠵᠠᠮ ᠤᠨ ᠭᠠᠳᠠᠷᠭᠤ ᠶᠢ ᠰᠡᠯᠪᠢᠨ ᠵᠠᠰᠠᠬᠤ᠂ | ᠪᠣᠬᠢᠷ ᠤᠰᠤᠨ ᠤ ᠬᠤᠭᠤᠯᠠᠢ ᠰᠣᠯᠢᠬᠤ ᠵᠡᠷᠭᠡ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠪᠠᠴᠢᠮ ᠬᠦᠴᠢᠷ | ᠵᠣᠪᠠᠭᠤᠷᠢ ᠶᠢ ᠰᠢᠢᠳᠪᠦᠷᠢᠯᠡᠬᠦ ᠠᠷᠠᠳ ᠤᠨ ᠠᠮᠢᠳᠤᠷᠠᠯ ᠤᠨ ︽ᠪᠢᠴᠢᠯ ᠪᠣᠳᠠᠲᠤ ᠶᠠᠪᠤᠳᠠᠯ︾ ᠢ 284 | ᠰᠢᠢᠳᠪᠦᠷᠢᠯᠡᠬᠦ ᠶᠢᠨ ᠲᠣᠭᠤᠷᠢᠨ ᠳᠤ᠂ ︽ᠪᠢᠴᠢᠯ︾ ᠳᠡᠭᠡᠷ᠎ᠡ ᠬᠦᠴᠦᠯᠡᠬᠦ ᠴᠡᠭ ᠢ ᠪᠠᠶᠢᠭᠤᠯᠵᠤ | ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠤ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠴᠢᠷᠮᠠᠶᠢᠪᠠ᠃ ᠵᠡᠭᠡᠯᠢ ᠭᠤᠳᠤᠮᠵᠢ ᠶᠢᠨ ᠬᠢᠨ ︽ᠠᠶᠢᠯ ᠡᠷᠦᠬᠡ ᠪᠠᠷ ᠢᠶᠠᠨ ᠭᠡᠷᠡᠯᠲᠦᠭᠦᠯᠭᠡ︾ | ᠨᠡᠶᠢᠲᠡ ᠶᠢᠨ ᠠᠰᠠᠷᠠᠮᠵᠢ ᠶᠢᠨ ᠬᠡᠪ ᠰᠤᠷᠲᠠᠯ ᠤᠨ ᠭᠡᠷᠡᠯᠲᠦᠭᠦᠯᠭᠡ ᠶᠢᠨ ᠲᠥᠯᠥᠪᠯᠡᠭᠡ ᠶᠢ ᠬᠡᠷᠡᠭᠵᠢᠭᠦᠯᠵᠦ᠂ 1+8+N | ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠰᠤᠷᠤᠯᠭ᠎ᠠ ᠶᠢ ᠲᠡᠳᠬᠦᠬᠦ᠂ ᠨᠠᠰᠤᠲᠠᠨ ᠢ ᠲᠤᠰᠠᠯᠠᠬᠤ᠂ | ᠣᠷᠴᠢᠨ ᠲᠣᠭᠤᠷᠢᠨ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢ 218 | ᠤᠳᠠᠭ᠎ᠠ ᠥᠷᠨᠢᠭᠦᠯᠵᠦ᠂ ᠡᠯ᠎ᠡ ᠨᠡᠶᠢᠭᠡᠮ ᠲᠣᠭᠤᠷᠢᠭ ᠤᠨ ᠦᠨᠳᠦᠰᠦᠲᠡᠨ ᠤ ᠲᠤᠰᠠᠯᠠᠭᠴᠢ᠂ ᠰᠦᠯᠵᠢᠶᠡᠨ ᠤ ᠠᠵᠢᠯᠲᠠᠨ | ︽ᠠᠨᠠᠷ ᠤᠨ ᠦᠷ᠎ᠡ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠠᠭᠤᠰᠤᠯᠴᠠᠨ ᠰᠠᠶᠢᠨ ᠳᠤᠷ᠎ᠠ ᠶᠢᠨ | ᠦᠢᠯᠡᠴᠢᠯᠡᠭᠡ ᠥᠷᠨᠢᠭᠦᠯᠬᠦ ᠶᠢᠨ ᠬᠠᠮᠲᠤ ︽ᠰᠦᠯᠵᠢᠶᠡᠨ ᠤ ᠤᠯᠠᠭᠠᠨ︾ ︽ᠠᠷᠤᠷ᠎ᠠ ᠶᠢᠨ ᠨᠣᠭᠤᠭᠠᠨ︾ ︽ᠥᠪᠡᠷᠲᠡᠭᠡᠨ | ᠵᠠᠰᠠᠬᠤ ᠮᠥᠩᠭᠦ︾ ︽ᠳᠤᠯᠠᠭᠠᠨ ᠤᠯᠠᠪᠤᠷ︾ ︽ᠴᠢᠨᠠᠷ ᠴᠢᠨᠰᠠᠭ᠎ᠠ ᠪᠠᠷ ᠬᠥᠬᠡ︾ ᠲᠠᠪᠤᠨ ᠥᠩᠭᠡ ᠶᠢᠨ ᠰᠠᠶᠢᠨ | ᠳᠤᠷ᠎ᠠ ᠶᠢᠨ ᠦᠢᠯᠡᠴᠢᠯᠡᠭᠡᠨ ᠤ ᠬᠠᠮᠲᠤᠯᠢᠭ ᠵᠡᠷᠭᠡ ᠰᠢᠨ᠎ᠡ ᠰᠣᠷᠭᠤᠭ ᠢ ᠲᠠᠰᠤᠷᠠᠯᠲᠠ ᠦᠭᠡᠢ ᠰᠢᠩᠭᠡᠬᠡᠨ ᠠᠪᠴᠤ᠂ | ︽ᠥᠷᠭᠡᠨ︾ ᠳᠡᠭᠡᠷ᠎ᠡ ᠠᠴᠠ ᠰᠢᠪᠲᠤᠯᠤᠯᠲᠠ ᠶᠢᠨ ᠴᠡᠭ ᠡᠷᠢᠵᠦ ᠦᠨᠳᠦᠰᠦᠲᠡᠨ ᠨᠦᠭᠦᠳ ᠤᠨ ᠣᠯᠠᠨ ᠲᠦᠮᠡᠨ ᠤ | ᠠᠮᠢᠳᠤᠷᠠᠯ ᠳᠤ ᠳᠥᠭᠦᠮ ᠳᠥᠲᠡ ᠦᠢᠯᠡᠴᠢᠯᠡᠭᠡ ᠬᠠᠩᠭᠠᠪᠠ᠃ | ᠬᠤᠶᠠᠷ᠂ ᠡᠯ᠎ᠡ ᠲᠥᠷᠥᠯ ᠤᠨ ᠪᠠᠶᠠᠷ ᠤᠨ ᠡᠳᠦᠷ ᠤᠨ ᠠᠵᠢᠯᠯᠠᠭ᠎ᠠ ᠳᠤ ᠠᠭᠤᠰᠤᠯᠴᠠᠵᠤ᠂ ᠭᠤᠣᠯ ᠱᠤᠭᠤᠮ ᠤᠨ | ᠠᠵᠢᠯ ᠤᠨ ᠠᠭᠤᠯᠤᠭᠳᠠᠬᠤᠨ ᠢ ᠠᠬᠢᠭᠤᠯᠤᠨ᠎ᠠ | ᠵᠡᠭᠡᠯᠢ ᠭᠤᠳᠤᠮᠵᠢ ᠶᠢᠨ ᠬᠢᠨ ︽ᠪᠢᠳᠡᠨ ᠤ ᠪᠠᠶᠠᠷ ᠤᠨ ᠡᠳᠦᠷ︾ ᠢ ᠲᠦᠰᠢᠭᠯᠡᠨ ᠭᠤᠣᠯ ᠱᠤᠭᠤᠮ ᠤᠨ ᠠᠵᠢᠯ ᠢ | ᠲᠤᠤᠱᠯᠠᠭᠤᠯᠬᠤ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠲᠠᠢ | ᠤᠶᠠᠯᠳᠤᠭᠤᠯᠪᠠ᠃ ᠴᠠᠭᠠᠨ ᠰᠠᠷ᠎ᠠ ᠶᠢᠨ ᠪᠠᠶᠠᠷ ᠲᠤ ︽ᠡᠶ᠎ᠡ ᠨᠠᠶᠢᠷᠠᠮᠳᠠᠭᠤ︾᠂ ᠮᠣᠳᠣᠨ ᠬᠠᠪᠲᠠᠰᠤᠨ ᠴᠠᠭᠠᠨ ᠰᠠᠷ᠎ᠠ | ᠶᠢᠨ ᠵᠢᠷᠤᠭ ᠳᠠᠷᠤᠮᠠᠯᠯᠠᠬᠤ᠂ ᠬᠤᠣᠰ ᠤᠶᠠᠩᠭ᠎ᠠ ᠪᠢᠴᠢᠬᠦ᠂ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠥᠷᠨᠢᠭᠦᠯᠪᠡ︔ | ᠥᠯᠵᠡᠶᠢᠲᠦ ᠦᠳᠡᠰᠢ ᠶᠢᠨ ᠪᠠᠶᠠᠷ ᠲᠤ ᠣᠨᠢᠰᠤᠭ᠎ᠠ ᠳᠠᠭᠠᠬᠤ᠂ ᠥᠯᠵᠡᠶᠢᠲᠦ ᠪᠣᠭᠤᠷᠰᠤᠭ ᠴᠢᠨᠠᠬᠤ᠂ ᠳ᠋ᠧᠩᠯᠦ | ᠬᠠᠳᠬᠤᠬᠤ᠂ ᠴᠢᠷᠠᠢ ᠶᠢᠨ ᠵᠢᠷᠤᠭ ᠵᠢᠷᠤᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠪᠠ︔ ᠬᠠᠩᠰᠢ ᠶᠢᠨ ᠡᠳᠦᠷ | ︽ᠳᠤᠷᠠᠰᠬᠠᠯ︾ ᠳᠤ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢ ᠲᠣᠬᠤᠨᠢᠭᠤᠯᠬᠤ᠂ ᠵᠠᠯᠠᠭᠤᠴᠤᠳ ᠤᠨ ᠡᠪᠯᠡᠯ | ᠪᠣᠯᠬᠤ᠂ ︽ᠬᠦᠢᠲᠡᠨ ᠬᠠᠷᠢᠶᠠᠴᠠᠢ︾ ᠢ ᠴᠢᠮᠬᠢᠬᠦ ᠵᠡᠷᠭᠡ ᠠᠵᠢᠯᠯᠠᠭ᠎ᠠ ᠥᠷᠨᠢᠭᠦᠯᠵᠡᠢ᠃ ᠦᠨᠳᠦᠰᠦᠲᠡᠨ ᠨᠦᠭᠦᠳ ᠤᠨ | ᠤᠯᠠᠨ ᠲᠦᠮᠡᠨ ᠦᠨᠳᠦᠰᠦᠲᠡᠨ ᠤ ᠰᠣᠶᠣᠯ ᠤᠨ ᠤᠯᠠᠮᠵᠢᠯᠠᠯᠲᠤ ᠠᠵᠢᠯᠯᠠᠭ᠎ᠠ ᠳᠤ ᠪᠡᠶ᠎ᠡ ᠪᠠᠷ ᠢᠶᠠᠨ ᠣᠷᠣᠯᠴᠠᠵᠤ᠂ | ᠳᠤᠮᠳᠠᠳᠤ ᠶᠢᠨ ᠰᠣᠶᠣᠯ ᠤᠨ ᠷᠢᠳᠢ ᠰᠢᠳᠢ ᠶᠢ ᠪᠡᠶᠡᠴᠢᠯᠡᠨ ᠣᠶᠢᠯᠠᠭᠠᠵᠤ᠂ ᠦᠨᠳᠦᠰᠦᠲᠡᠨ ᠤ ᠬᠠᠷᠢᠶᠠᠯᠠᠭᠳᠠᠬᠤ | ᠰᠡᠳᠬᠢᠯᠭᠡ ᠪᠠ ᠣᠮᠣᠭᠰᠢᠯᠲᠤ ᠰᠡᠳᠬᠢᠯᠭᠡ ᠶᠢ ᠳᠡᠭᠡᠭᠰᠢᠯᠡᠭᠦᠯᠪᠡ᠃ | ᠭᠤᠷᠪᠠ᠂ ᠡᠳᠦᠷ ᠲᠤᠲᠤᠮ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠠᠭᠤᠰᠤᠯᠴᠠᠵᠤ᠂ ᠭᠤᠣᠯ | ᠱᠤᠭᠤᠮ ᠤᠨ ᠠᠵᠢᠯ ᠤᠨ ᠤᠯᠠᠨ ᠡᠰᠢᠵᠢᠭᠦᠯᠬᠦ ᠶᠢ ᠠᠬᠢᠭᠤᠯᠪᠠ | ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠬᠤ ᠪᠣᠯ ᠬᠠᠷᠢᠶᠠᠲᠤ ᠣᠷᠣᠨ ᠤ ᠣᠶᠤᠨ ᠤ | ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠦᠨᠳᠦᠰᠦᠲᠡᠨ ᠤ ᠵᠣᠷᠢᠭ ᠰᠠᠨᠠᠭ᠎ᠠ ᠪᠠ | ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠬᠦ ᠶᠢᠨ ᠴᠢᠬᠤᠯᠠ ᠠᠭᠤᠯᠭ᠎ᠠ ᠪᠣᠯᠣᠨ᠎ᠠ᠃ ᠡᠯ᠎ᠡ ᠨᠡᠶᠢᠭᠡᠮ | ᠲᠣᠭᠤᠷᠢᠭ ᠤᠨ ᠬᠢᠨ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠲᠤᠲᠤᠨᠤᠰᠤᠭ︾ ᠪᠠᠷ | ᠭᠤᠣᠯ ᠰᠡᠳᠦᠪ ᠪᠣᠯᠭᠠᠭᠰᠠᠨ ᠤᠷᠠᠨ ᠰᠠᠶᠢᠬᠠᠨ ᠤ ᠲᠣᠭᠯᠠᠯᠲᠠ ᠡᠷᠭᠢᠯᠡᠵᠦ᠂ ᠬᠠᠷᠢᠶᠠᠲᠤ ᠣᠷᠣᠨ ᠤ ᠰᠣᠶᠣᠯ ᠤᠨ | ᠦᠢᠯᠡᠰ ᠤᠨ ᠥᠷᠨᠢᠩᠭᠦᠢ ᠬᠥᠭᠵᠢᠯᠲᠡ ᠪᠠ ᠣᠯᠠᠨ ᠲᠦᠮᠡᠨ ᠤ ᠪᠦᠯᠬᠦᠮᠳᠡᠨ ᠠᠭᠤᠰᠤᠯᠴᠠᠭᠰᠠᠨ ᠰᠠᠶᠢᠨ ᠰᠠᠶᠢᠬᠠᠨ | ᠠᠭᠤᠷ ᠠᠮᠢᠰᠬᠤᠯ ᠢ ᠢᠯᠡᠷᠡᠭᠦᠯᠪᠡ︔ ᠵᠡᠭᠡᠯᠢ ᠭᠤᠳᠤᠮᠵᠢ ᠶᠢᠨ ᠬᠢᠨ ᠬᠡᠦᠬᠡᠳ ᠤᠨ ᠴᠡᠴᠡᠷᠯᠢᠭ ᠲᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︽ᠰᠢᠨ᠎ᠡ ᠴᠠᠭ ᠦᠶ᠎ᠡ ᠳᠤ ᠭᠠᠪᠢᠶ᠎ᠠ | ᠪᠠᠶᠢᠭᠤᠯᠬᠤ︾ ᠢᠳᠡᠷᠡᠭᠦᠨ ᠠᠯᠬᠤᠬᠤ ᠠᠵᠢᠯᠯᠠᠭ᠎ᠠ ᠶᠢ ᠥᠷᠨᠢᠭᠦᠯᠪᠡ︔ ᠵᠧᠨ ᠬᠤᠸᠠ ᠨᠡᠶᠢᠭᠡᠮ ᠲᠣᠭᠤᠷᠢᠭ ᠤᠨ ᠬᠢᠨ | ᠬᠠᠷᠢᠶᠠᠲᠤ ᠣᠷᠣᠨ ᠤ ᠬᠠᠮᠲᠤ ᠶᠢᠨ ᠪᠠᠶᠢᠭᠤᠯᠤᠯᠲᠠ ᠶᠢᠨ ᠨᠢᠭᠡᠴᠡ ᠲᠠᠢ ᠬᠤᠯᠪᠤᠭᠠᠯᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︽ᠨᠡᠶᠢᠭᠡᠮ ᠲᠣᠭᠤᠷᠢᠭ ᠤᠨ ᠫᠢᠩᠫᠠᠩ | ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ︾ ᠢ ᠡᠷᠬᠢᠯᠡᠪᠡ︔ ᠰᠢᠨ᠎ᠡ ᠮᠠᠶ᠋ᠢᠭ ᠤᠨ ᠨᠡᠶᠢᠭᠡᠮ ᠲᠣᠭᠤᠷᠢᠭ ᠤᠨ | ᠬᠢᠨ ︽ᠪᠡᠶ᠎ᠡ ᠲᠠᠮᠢᠷ ᠤᠨ ᠬᠥᠳᠡᠯᠭᠡᠭᠡᠨ ᠬᠢᠵᠦ᠂ ᠪᠦᠯᠬᠦᠮᠳᠡᠨ ᠨᠢᠭᠲᠠᠷᠠᠵᠤ ᠬᠠᠷᠢᠯᠴᠠᠨ ᠠᠭᠤᠰᠤᠯᠴᠠᠬᠤ︾ ᠰᠣᠨᠢᠷᠬᠠᠯᠲᠤ | ᠪᠡᠶ᠎ᠡ ᠶᠢᠨ ᠲᠠᠮᠢᠷ ᠤᠨ ᠴᠤᠭᠯᠠᠭᠠᠨ ᠪᠠ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠭᠤᠣᠯ ᠰᠡᠳᠦᠪᠲᠦ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ︔ ᠲᠠᠯ᠎ᠠ ᠨᠤᠲᠤᠭ ᠤᠨ ᠨᠡᠶᠢᠭᠡᠮ ᠲᠣᠭᠤᠷᠢᠭ ᠤᠨ ᠬᠢᠨ | ᠰᠢᠤᠳᠠᠨ ᠤ ᠬᠠᠳᠠᠭᠠᠯᠠᠮᠵᠢ ᠶᠢᠨ ᠪᠠᠩᠬᠢ ᠲᠠᠢ ᠬᠠᠮᠲᠤᠷᠠᠨ ︽︿ᠦᠳᠦ﹀ ᠲᠠᠢ ᠭᠠᠷ ᠬᠤᠯᠪᠣᠯᠴᠠᠵᠤ᠂ ᠡᠷᠡᠭᠦᠯ ᠮᠡᠨᠳᠤ ᠶᠢ | ᠬᠠᠮᠲᠤᠪᠠᠷ ᠴᠣᠭᠴᠠᠯᠠᠬᠤ︾ ᠵᠢᠴᠢ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ | ᠳᠤᠮᠳᠠᠳᠤ ᠶᠢᠨ ᠵᠡᠭᠦᠳᠦ ᠶᠢ ᠰᠡᠳᠬᠢᠯ ᠨᠢᠭᠡᠳᠦᠨ ᠬᠠᠮᠲᠤᠪᠠᠷ ᠲᠡᠷᠭᠡᠯᠰᠢᠭᠦᠯᠬᠦ︾ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠶᠢᠯᠠᠯ ᠤᠨ ᠦᠳᠦᠨ ᠪᠥᠮᠪᠦᠭᠡ ᠶᠢᠨ ᠨᠥᠬᠦᠷᠰᠡᠭ ᠤᠷᠤᠯᠳᠤᠭᠠᠨ ᠢ ᠥᠷᠨᠢᠭᠦᠯᠵᠡᠢ᠃ ᠭᠤᠶᠢᠳᠠ ᠪᠠᠶᠠᠯᠢᠭ | ᠰᠣᠶᠣᠯ ᠲᠠᠮᠢᠷ ᠤᠨ ᠠᠵᠢᠯᠯᠠᠭ᠎ᠠ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠳᠤᠮᠳᠠᠳᠤ ᠶᠢᠨ ᠰᠣᠶᠣᠯ ᠪᠠ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠬᠠᠨᠤᠮᠵᠢᠲᠠᠢ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ | ᠬᠦᠷᠲᠡᠮᠵᠢ ᠶᠢᠨ ᠲᠥᠷᠥᠭᠳᠡᠯ ᠢ ᠦᠨᠡᠨᠬᠦ ᠮᠡᠳᠡᠷᠡᠭᠦᠯᠵᠡᠢ᠃ | ᠳᠥᠷᠪᠡ᠂ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠳᠤ ᠠᠭᠤᠰᠤᠯᠴᠠᠵᠤ᠂ ᠭᠤᠣᠯ ᠱᠤᠭᠤᠮ ᠤᠨ | ᠠᠵᠢᠯ ᠤᠨ ᠨᠠᠷᠠᠲᠤ ᠲᠥᠷᠥᠯ ᠲᠡᠮᠳᠡᠭᠴᠢᠯᠡᠬᠦ ᠶᠢ ᠠᠬᠢᠭᠤᠯᠤᠨ᠎ᠠ | ᠬᠠᠷᠢᠶᠠᠲᠤ ᠣᠷᠣᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ | ᠬᠠᠮᠲᠤᠯᠢᠭ ᠢ ᠬᠠᠯᠠᠮᠵᠢᠯᠠᠬᠤ ᠪᠣᠯ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠶᠢᠨ ᠴᠢᠬᠤᠯᠠ ᠭᠤᠭᠴᠤᠭ᠎ᠠ | ᠪᠣᠯᠣᠨ᠎ᠠ᠃ ᠢᠦᠢ ᠼᠠᠢ ᠨᠡᠶᠢᠭᠡᠮ ᠲᠣᠭᠤᠷᠢᠭ ᠤᠨ ᠬᠢᠨ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ | ᠡᠪᠯᠡᠯ ᠲᠠᠢ ᠬᠠᠮᠲᠤᠷᠠᠨ ᠮᠧᠢ ᠲᠤᠸᠠᠨ ᠬᠦᠷᠭᠡᠭᠴᠢ ᠳᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ︔ ︽ᠠᠬ᠎ᠠ ᠶᠢᠨ | ᠳᠡᠭᠡᠳᠦ ᠰᠤᠷᠭᠠᠭᠤᠯᠢ︾ ᠶᠢ ᠪᠠᠶᠢᠭᠤᠯᠤᠭᠰᠠᠨ ᠪᠥᠭᠡᠳ ᠬᠤᠪᠢᠰᠬᠠᠯ ᠤᠨ ᠰᠤᠳᠤᠯᠭᠠᠨ ᠤ ᠤᠬᠠᠭᠠᠨ᠂ ᠤᠷ᠎ᠠ | ᠮᠡᠷᠭᠡᠵᠢᠯ ᠤᠨ ᠳᠡᠭᠡᠭᠰᠢᠯᠡᠯᠲᠡ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯᠭᠡ ᠵᠡᠷᠭᠡ ᠰᠤᠷᠭᠠᠨ ᠬᠥᠮᠦᠵᠢᠯ ᠤᠨ | ᠪᠣᠯᠪᠠᠰᠤᠷᠠᠯ ᠤᠨ ᠠᠭᠤᠯᠭ᠎ᠠ ᠶᠢ ᠬᠠᠩᠭᠠᠵᠤ᠂ ︽ᠬᠠᠮᠤᠭ ᠤᠨ ᠭᠤᠶᠤ ᠠᠬ᠎ᠠ︾ ᠶᠢ ᠬᠥᠬᠢᠭᠦᠯᠦᠨ ᠰᠠᠶᠢᠰᠢᠶᠠᠪᠠ︔ ᠳᠡᠯᠡᠬᠡᠢ | ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠬᠤᠭᠤᠴᠠᠭᠠᠨ ᠳᠤ ᠮᠧᠢ ᠲᠤᠸᠠᠨ ᠬᠦᠷᠭᠡᠭᠴᠢ ᠢ ᠤᠷᠢᠵᠤ | ᠥᠩᠭᠡᠲᠦ ᠬᠤᠨᠳᠠᠭ᠎ᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠳᠤᠷᠠᠰᠬᠠᠯ ᠤᠨ ᠡᠳ᠋ ᠬᠦᠷᠭᠡᠵᠡᠢ︔ ᠮᠧᠢ ᠲᠤᠸᠠᠨ | ᠬᠦᠷᠭᠡᠭᠴᠢ ᠪᠠᠰᠠ ᠰᠡᠳᠬᠢᠯ ᠢ ᠳᠤᠯᠠᠭᠠᠴᠠᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢ | ᠪᠠᠶᠢᠭᠤᠯᠵᠤ᠂ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠪᠠ | ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ︽ᠬᠤᠣᠰ | ᠴᠢᠭᠯᠡᠯ ᠢᠶᠠᠷ ᠤᠷᠤᠭᠰᠢᠯᠠᠵᠤ᠂ ᠰᠡᠳᠬᠢᠯ ᠢ ᠳᠤᠯᠠᠭᠠᠴᠠᠭᠤᠯᠬᠤ︾ ᠲᠦᠷᠦᠯ ᠵᠦᠢᠯ ᠤᠨ ᠲᠦᠷᠦᠯ ᠲᠡᠮᠳᠡᠭ ᠨᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ | ᠴᠣᠭᠴᠠᠯᠠᠬᠤ ᠶᠢᠨ ᠲᠣᠭᠤᠷᠢᠨ ᠳᠤ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠨᠡᠩ ᠣᠨᠴᠠᠯᠢᠭ ᠲᠠᠢ ᠪᠣᠯᠵᠠᠢ᠃ | | | | | | |