ᠴᠢᠶᠠᠨ ᠶᠦᠨ ᠯᠢᠲ᠋ᠢ ᠢᠶᠤᠨ ᠳ᠋ᠢᠶᠠᠨ ᡂᠢ ᠶᠢᠨ ᠠᠷᠭ᠎ᠠ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠠᠵᠢᠯ ᠢᠶᠠᠨ ᠰᠡᠷᠭᠦᠭᠡᠵᠡᠢ
ᠨᠡᠶᠢᠲᠡᠯᠡᠭᠰᠡᠨ ᠴᠠᠭ᠄
2024/4/26
      ᠲᠣᠰ ᠲᠥᠷᠥᠯ ᠵᠦᠢᠯ ᠨᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ ᠪᠠᠶᠢᠵᠤ᠂ ᠨᠢᠭᠡᠳᠦᠭᠡᠷ ᠬᠤᠭᠤᠴᠠᠭᠠᠨ ᠳᠤ 150 ᠮᠦ ᠭᠠᠵᠠᠷ ᠡᠵᠡᠯᠡᠨ᠂ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢ ᠶᠢᠨ ᠪᠠᠶᠢᠰᠢᠩ ᠨᠢ 9.5 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ︔ ᠭᠤᠣᠯᠳᠠᠭᠤ ᠯᠢᠲ᠋ᠢ ᠢᠶᠤᠨ ᠳ᠋ᠢᠶᠠᠨ ᡂᠢ ᠶᠢᠨ ᠠᠷᠭ᠎ᠠ ᠲᠤᠶᠢᠯ ᠤᠨ ᠮᠠᠲ᠋ᠧᠷᠢᠶᠠᠯ ᠤᠨ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠱᠤᠭᠤᠮ ᠢ 32 ᠪᠠᠶᠢᠭᠤᠯᠵᠤ᠂ 4 ᠰᠠᠷ᠎ᠠ ᠶᠢᠨ 20 ᠤ ᠡᠳᠦᠷ ᠵᠢᠩᠬᠢᠨᠢ ᠪᠠᠷ ᠠᠵᠢᠯ ᠢᠶᠠᠨ ᠰᠡᠷᠭᠦᠭᠡᠪᠡ᠃ ᠣᠳᠣᠬᠠᠨ ᠳᠤ᠂ 1 ᠳ᠋ᠦ᠋ᠭᠡᠷ᠂ 3 ᠳ᠋ᠤᠭᠠᠷ᠂ 8 ᠳ᠋ᠤᠭᠠᠷ᠂ 10 ᠳ᠋ᠤᠭᠠᠷ ᠦᠢᠯᠡᠳᠪᠦᠷᠢ ᠶᠢᠨ ᠲᠠᠰᠤᠭ ᠵᠢᠴᠢ 4 ᠳ᠋ᠦ᠋ᠭᠡᠷ ᠠᠯᠪᠠᠯᠠᠬᠤ ᠠᠰᠠᠷ ᠤᠨ ᠭᠤᠣᠯ ᠴᠣᠭᠴᠠ ᠶᠢ ᠨᠢᠭᠡᠨᠲᠡ ᠪᠡᠶᠡᠯᠡᠭᠦᠯᠪᠡ︔ 2 ᠳ᠋ᠤᠭᠠᠷ ᠦᠢᠯᠡᠳᠪᠦᠷᠢ ᠶᠢᠨ ᠲᠠᠰᠤᠭ᠂ 5 ᠳ᠋ᠤᠭᠠᠷ᠂ 6 ᠳ᠋ᠤᠭᠠᠷ ᠢᠵᠢ ᠪᠦᠷᠢᠳᠦᠭᠦᠯᠬᠦ ᠠᠰᠠᠷ᠂ 7 ᠳ᠋ᠤᠭᠠᠷ ᠨᠡᠭᠡᠭᠡᠵᠦ ᠬᠠᠭᠠᠬᠤ ᠭᠠᠵᠠᠷ᠂ 9 ᠳ᠋ᠦ᠋ᠭᠡᠷ ᠠᠰᠠᠷ᠂ 11 ᠳ᠋ᠦ᠋ᠭᠡᠷ ᠬᠥᠮᠥᠷᠭᠡ ᠳᠤ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠬᠢᠨ᠎ᠡ᠃ ᠨᠢᠭᠡᠨᠲᠡ 54 ᠠᠵᠢᠯᠴᠢᠨ ᠲᠤᠬᠠᠢ  ᠶᠢᠨ ᠲᠠᠯᠠᠪᠠᠶ ᠳᠤ ᠢᠯᠭᠠᠷᠠᠭᠤᠯᠤᠨ ᠳᠢᠭᠯᠡᠬᠦ ᠠᠵᠢᠯ  ᠢ ᠵᠠᠯᠭᠠᠯᠳᠤᠭᠠᠪᠠᠷ ᠬᠢᠵᠦ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号