ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠪᠠᠬᠢ ᠪᠤᠢ ᠪᠣᠯᠭᠠᠵᠤ᠂ ᠬᠠᠷᠢᠶᠠᠲᠤ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠤᠭᠤᠷᠣᠨᠳᠣᠬᠢ | ᠣᠶᠢᠯᠠᠭᠠᠯᠴᠠᠭ᠎ᠠ ᠪᠠ ᠪᠦᠯᠬᠦᠮᠳᠡᠯ ᠢ ᠴᠢᠩᠭᠠᠳᠬᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠪᠠᠳᠠᠷᠠᠭᠤᠯᠤᠨ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠲᠦᠯᠬᠢᠨ ᠠᠬᠢᠭᠤᠯᠬᠤ ᠶᠢᠨ ᠲᠥᠯᠥᠭᠡ᠂ | ᠣᠶᠢᠷ᠎ᠠ ᠳᠤ᠂ ᠢᠷᠠᠭᠤ ᠠᠯᠳᠠᠷᠲᠤ ᠨᠡᠶᠢᠭᠡᠮ ᠲᠣᠭᠤᠷᠢᠭ ᠤᠨ ᠬᠢᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ · | ᠤᠩᠰᠢᠯᠭ᠎ᠠ ᠶᠢ ᠬᠥᠮᠥᠨ ᠤ ᠠᠮᠢᠳᠤᠷᠠᠯ ᠳᠤ ᠨᠡᠪᠴᠢᠭᠦᠯᠬᠦ︾ ᠨᠣᠮ ᠤᠩᠰᠢᠵᠤ ᠰᠣᠯᠢᠯᠴᠠᠬᠤ ᠠᠵᠢᠯᠯᠠᠭ᠎ᠠ ᠥᠷᠨᠢᠭᠦᠯᠵᠦ᠂ | ᠲᠣᠰ ᠠᠵᠢᠯᠯᠠᠭ᠎ᠠ ᠳᠤ ᠬᠠᠷᠢᠶᠠᠲᠤ ᠣᠷᠣᠨ ᠤ ᠡᠯ᠎ᠡ ᠦᠨᠳᠦᠰᠦᠲᠡᠨ ᠤ ᠰᠠᠭᠤᠭᠠᠯᠢ ᠠᠷᠠᠳ ᠵᠢᠴᠢ ᠡᠯ᠎ᠡ ᠰᠠᠭᠤᠭᠠᠯᠢ | ᠠᠷᠠᠳ ᠤᠨ ᠡᠭᠦᠷ ᠤᠨ ᠨᠠᠮ ᠤᠨ ᠭᠡᠰᠢᠭᠦᠨ ᠣᠷᠣᠯᠴᠠᠵᠠᠢ᠃ | ᠠᠵᠢᠯᠯᠠᠭ᠎ᠠ ᠶᠢᠨ ᠳᠤᠮᠳᠠ᠂ ᠬᠤᠷᠠᠯ ᠳᠤ ᠣᠷᠣᠯᠴᠠᠭᠰᠠᠳ ︽ᠰᠢ ᠶᠢᠨ ᠫᠢᠩ᠄ ᠨᠣᠮ ᠤᠩᠰᠢᠬᠤ ᠨᠢ ᠨᠢᠭᠡᠨᠲᠡ | ᠮᠢᠨᠤ ᠨᠢᠭᠡ ᠵᠦᠢᠯ ᠤᠨ ᠠᠮᠢᠳᠤᠷᠠᠯ ᠤᠨ ᠠᠷᠭ᠎ᠠ ᠮᠠᠶ᠋ᠢᠭ ᠪᠣᠯᠵᠠᠢ︾ ᠭᠡᠬᠦ ᠸᠢᠳᠢᠤ᠋ ᠶᠢ ᠬᠠᠮᠲᠤ ᠪᠠᠷ ᠦᠵᠡᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠳᠠᠭᠠᠵᠤ ︽ᠨᠣᠮ ᠤᠩᠰᠢᠬᠤ ᠠᠷᠭ᠎ᠠ ᠵᠠᠮ︾ ᠢ ᠬᠠᠮᠲᠤ ᠪᠠᠷ | ᠰᠤᠷᠤᠯᠴᠠᠭᠰᠠᠨ ᠪᠥᠭᠡᠳ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠪᠠ ᠨᠠᠮ ᠤᠨ ᠭᠡᠰᠢᠭᠦᠳ ᠲᠤ ᠨᠣᠮ | ᠪᠢᠴᠢᠭ ᠲᠠᠷᠬᠠᠭᠠᠨ ᠥᠭᠴᠡᠢ᠃ ᠣᠯᠠᠨ ᠢᠶᠠᠷ ᠢᠶᠠᠨ ᠡᠯ᠎ᠡ ᠲᠥᠷᠥᠯ ᠤᠨ ᠰᠢᠯᠢᠳᠡᠭ ᠨᠣᠮ ᠪᠢᠴᠢᠭ ᠢ ᠬᠤᠪᠢᠶᠠᠨ | ᠡᠳ᠋ᠯᠡᠵᠦ᠂ ᠡᠭᠦᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠰᠣᠩᠭᠤᠳᠠᠭ ᠤᠳᠬ᠎ᠠ ᠵᠣᠬᠢᠶᠠᠯ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ᠂ ᠰᠣᠶᠣᠯ ᠢᠷᠭᠡᠨᠰᠢᠯ ᠤᠨ ᠲᠡᠦᠬᠡ ᠵᠡᠷᠭᠡ ᠪᠠᠭᠲᠠᠨ᠎ᠠ᠂ ᠣᠯᠠᠨ ᠢᠶᠠᠷ ᠢᠶᠠᠨ | ᠥᠪᠡᠷ ᠤᠨ ᠤᠩᠰᠢᠯᠭ᠎ᠠ ᠶᠢᠨ ᠲᠤᠬᠠᠢ ᠣᠶᠢᠯᠠᠭᠠᠯᠲᠠ ᠪᠠᠨ ᠶᠠᠷᠢᠯᠴᠠᠵᠦ᠂ ᠬᠠᠷᠢᠯᠴᠠᠨ ᠰᠡᠩᠬᠡᠷᠡᠭᠦᠯᠦᠨ᠂ ᠬᠠᠮᠲᠤ ᠪᠠᠷ | ᠳᠠᠪᠰᠢᠭᠤᠯᠵᠤ᠂ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠨ᠎ᠠ᠃ ᠲᠣᠰ ᠤᠳᠠᠭᠠᠨ ᠤ | ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠥᠪᠡᠷ ᠤᠨ ᠤᠩᠰᠢᠯᠭ᠎ᠠ ᠶᠢᠨ ᠤᠷᠮ᠎ᠠ ᠪᠠᠬ᠎ᠠ ᠪᠠᠨ ᠳᠠᠬᠢᠨ | ᠨᠡᠮᠡᠭᠳᠡᠭᠦᠯᠵᠦ᠂ ᠨᠣᠮ ᠤᠩᠰᠢᠬᠤ ᠳᠤᠷᠠᠲᠠᠢ ᠰᠠᠶᠢᠨ ᠰᠠᠶᠢᠬᠠᠨ ᠵᠠᠩ ᠳᠠᠳᠬᠠᠯ ᠢᠶᠠᠨ ᠬᠤᠶᠢᠰᠢᠳᠠ ᠶᠢᠨ | ᠠᠮᠢᠳᠤᠷᠠᠯ ᠳᠠᠭᠠᠨ ᠦᠷᠭᠦᠯᠵᠢᠯᠡᠨ ᠪᠠᠷᠢᠮᠲᠠᠯᠠᠨ᠎ᠠ ᠭᠡᠵᠦ ᠢᠯᠡᠳᠬᠡᠵᠡᠭᠡᠪᠡ᠃ | ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ | ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠪᠠᠰᠠ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠮᠰᠠᠷ ᠢ ᠤᠯᠠᠮ ᠨᠢᠭᠡ | ᠠᠯᠬᠤᠮ ᠴᠢᠩᠭᠠᠳᠬᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠷᠠᠭᠤ ᠠᠯᠳᠠᠷᠲᠤ ᠨᠡᠶᠢᠭᠡᠮ ᠲᠣᠭᠤᠷᠢᠭ ᠤᠨ | ᠬᠢᠨ ᠦᠷᠭᠦᠯᠵᠢᠯᠡᠨ ᠨᠡᠶᠢᠭᠡᠮ ᠲᠣᠭᠤᠷᠢᠭ ᠤᠨ ᠨᠣᠮ ᠤᠨ ᠦᠷᠦᠬᠡ ᠶᠢᠨ ᠰᠣᠶᠣᠯ ᠤᠨ ᠵᠢᠭᠰᠠᠭᠠᠯ ᠤᠨ ᠭᠠᠵᠠᠷ ᠲᠤ | ᠲᠦᠰᠢᠭᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠨᠡᠩ ᠤᠯᠠᠨ | ᠤᠳᠬ᠎ᠠ ᠠᠭᠤᠯᠭ᠎ᠠ ᠲᠠᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ | ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ | ᠵᠢᠷᠦᠬᠡᠨ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠴᠡᠴᠡᠭ ᠢ ᠨᠡᠶᠢᠭᠡᠮ ᠲᠣᠭᠤᠷᠢᠭ ᠲᠤ ᠨᠡᠩ ᠲᠠᠩᠰᠤᠭ ᠰᠠᠶᠢᠬᠠᠨ ᠳᠡᠯᠭᠡᠷᠡᠭᠦᠯᠬᠦ ᠪᠣᠯᠣᠨ᠎ᠠ᠃ | | | | | | | |