ᠨᠢᠭᠡᠳᠦᠭᠡᠷ ᠤᠯᠠᠷᠢᠯ ᠳᠤ ᠴᠢᠩᠱᠠᠨ ᠲᠣᠭᠤᠷᠢᠭ ᠤᠨ ︽ᠬᠤᠶᠠᠷ ᠰᠢᠨ᠎ᠡ︾ ᠪᠦᠬᠦ ᠬᠤᠳᠠ ᠶᠢᠨ ᠴᠢᠬᠤᠯᠠ ᠶᠡᠭᠡ | ᠲᠦᠷᠦᠯ ᠵᠦᠢᠯ ᠤᠨ ᠦᠵᠡᠭᠦᠯᠦᠯᠭᠡ ᠶᠢᠨ ᠳᠤᠮᠳᠠ ᠬᠥᠨᠳᠡᠯᠡᠨ ᠭᠤᠯᠳᠤ ᠴᠢᠭᠯᠡᠯ ᠢᠶᠠᠷ ︽ᠬᠤᠣᠰ ᠳᠡᠭᠡᠭᠰᠢᠯᠡᠯᠲᠡ︾ ᠶᠢ | ᠪᠡᠶᠡᠯᠡᠭᠦᠯᠵᠡᠢ᠃ ᠬᠥᠮᠥᠷᠭᠡ ᠳᠤ ᠣᠷᠣᠭᠤᠯᠤᠭᠰᠠᠨ ᠪᠠᠶᠢᠳᠠᠯ ᠠᠴᠠ ᠦᠵᠡᠪᠡᠯ᠂ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ ᠰᠢᠨ᠎ᠡ ᠪᠠᠷ 4 ᠨᠡᠮᠡᠭᠳᠡᠵᠦ᠂ ᠠᠳᠠᠯᠢ | ᠬᠤᠭᠤᠴᠠᠭᠠᠨ ᠤ ᠬᠢ ᠠᠴᠠ 2 ᠨᠡᠮᠡᠭᠳᠡᠵᠦ᠂ ᠶᠡᠷᠦᠩᠬᠡᠢ ᠪᠡᠯᠡ ᠣᠷᠣᠭᠤᠯᠤᠯᠲᠠ ᠨᠢ 7.04 ᠳ᠋ᠦᠩᠰᠢᠭᠤᠷ ᠲᠥᠭᠦᠷᠢᠭ | ᠪᠠᠶᠢᠵᠤ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ 34.8 ᠵᠠᠭᠤᠨ ᠤ ᠨᠢᠭᠡᠴᠢ ᠳᠠᠶᠢᠴᠢᠯᠠᠵᠤ᠂ | GDP ᠶᠢᠨ ᠨᠡᠮᠡᠭᠳᠡᠯ ᠢ 0.7 ᠵᠠᠭᠤᠨ ᠤ ᠨᠢᠭᠡᠴᠢ ᠳᠠᠶᠢᠴᠢᠯᠠᠪᠠ᠃ ᠲᠣᠭᠲᠠᠭᠠᠭᠰᠠᠨ ︵ᠬᠢᠵᠠᠭᠠᠷᠯᠠᠭᠰᠠᠨ︶ ᠠᠵᠤ | ᠠᠬᠤᠶᠢᠯᠠᠯ 98 ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 71 ᠨᠡᠮᠡᠭᠳᠡᠪᠡ᠃ ᠠᠵᠢᠯ ᠲᠥᠷᠥᠯ | ᠬᠤᠪᠢᠶᠠᠵᠤ ᠦᠵᠡᠪᠡᠯ᠂ ᠠᠵᠤ ᠦᠢᠯᠡᠳᠪᠦᠷᠢ 18 ᠡᠷᠦᠬᠡ ᠪᠠᠶᠢᠵᠤ᠂ 8.61 ᠳ᠋ᠦᠩᠰᠢᠭᠤᠷ ᠲᠥᠭᠦᠷᠢᠭ ᠤᠨ | ᠦᠢᠯᠡᠳᠬᠦᠨ ᠤ ᠥᠷᠲᠡᠭ ᠢ ᠪᠡᠶᠡᠯᠡᠭᠦᠯᠵᠦ᠂ ᠪᠥᠬᠦ ᠲᠤᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠢ ᠥᠷᠲᠡᠭ ᠤᠨ ᠨᠡᠮᠡᠭᠳᠡᠯ ᠢ 5.3 ᠵᠠᠭᠤᠨ ᠤ ᠨᠢᠭᠡᠴᠢ ᠳᠠᠶᠢᠴᠢᠯᠠᠪᠠ᠃ ᠠᠷᠠᠯᠵᠢᠶᠠᠨ ᠤ ᠦᠢᠯᠡᠰ 62 ᠡᠷᠦᠬᠡ | ᠪᠠᠶᠢᠵᠤ᠂ ᠡᠭᠦᠨ ᠳᠤ ᠪᠥᠭᠡᠮ ᠢᠶᠠᠷ ᠬᠤᠳᠠᠯᠳᠤᠬᠤ ᠦᠢᠯᠡᠰ 45 ᠡᠷᠦᠬᠡ᠂ ᠵᠢᠵᠢᠭᠯᠡᠨ ᠬᠤᠳᠠᠯᠳᠤᠬᠤ ᠦᠢᠯᠡᠰ 6 | ᠡᠷᠦᠬᠡ᠂ ᠬᠤᠨᠤᠭ ᠪᠠᠭᠤᠳᠠᠯ ᠤᠨ ᠦᠢᠯᠡᠰ 4 ᠡᠷᠦᠬᠡ᠂ ᠢᠳᠡᠭᠡᠨ ᠤᠮᠳᠠᠭᠠᠨ ᠤ ᠦᠢᠯᠡᠰ 7 ᠡᠷᠦᠬᠡ ᠪᠠᠶᠢᠵᠤ᠂ | ᠪᠣᠷᠣᠯᠠᠭᠤᠯᠤᠯᠲᠠ ᠶᠢᠨ ᠲᠤᠭ᠎ᠠ ︵ᠡᠵᠡᠩᠨᠡᠯᠲᠡ ᠶᠢᠨ ᠲᠤᠭ᠎ᠠ︶ 9.66 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠬᠤᠭᠤᠯᠠ ᠢᠳᠡᠬᠦ ᠬᠤᠨᠤᠭ ᠳᠥᠷᠪᠡᠨ ᠠᠵᠢᠯ | ᠲᠥᠷᠥᠯ ᠤᠨ ᠪᠣᠷᠣᠯᠠᠭᠤᠯᠤᠯᠲᠠ ᠶᠢᠨ ᠲᠤᠭ᠎ᠠ ︵ᠡᠵᠡᠩᠨᠡᠯᠲᠡ ᠶᠢᠨ ᠲᠤᠭ᠎ᠠ︶ ᠶᠢ ᠲᠣᠰ ᠲᠣᠰ 9.4᠂ 1.2᠂ 9.7᠂ | 5.1 ᠵᠠᠭᠤᠨ ᠤ ᠨᠢᠭᠡᠴᠢ ᠪᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ 18 ᠡᠷᠦᠬᠡ ᠪᠠᠶᠢᠵᠤ᠂ 1.55 | ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠢ 10.0 ᠵᠠᠭᠤᠨ ᠤ ᠨᠢᠭᠡᠴᠢ ᠳᠠᠶᠢᠴᠢᠯᠠᠪᠠ᠃ ᠡᠯ᠎ᠡ ᠠᠵᠢᠯ ᠲᠥᠷᠥᠯ ᠤᠨ | ᠬᠢᠨ GDP ᠶᠢᠨ ᠨᠡᠮᠡᠭᠳᠡᠯ ᠢ ᠨᠡᠶᠢᠲᠡ 2.7 ᠵᠠᠭᠤᠨ ᠤ ᠨᠢᠭᠡᠴᠢ ᠳᠠᠶᠢᠴᠢᠯᠠᠪᠠ᠃ ︽ᠬᠤᠶᠠᠷ ᠰᠢᠨ᠎ᠡ︾ ᠳᠡᠭᠡᠳᠦ | ᠬᠢᠵᠠᠭᠠᠷ ᠢ ᠬᠥᠮᠥᠷᠭᠡ ᠳᠤ ᠣᠷᠣᠭᠤᠯᠬᠤ ᠨᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠥᠳᠡᠯᠭᠡᠬᠦ ᠬᠦᠴᠦᠨ ᠨᠡᠮᠡᠷᠢᠯᠡᠪᠡ᠃ | | |