ᠣᠶᠢᠷ᠎ᠠ ᠳᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ 2024 ᠣᠨ ᠤ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠬᠡᠷᠡᠭ ᠢ ᠲᠣᠬᠢᠷᠠᠭᠤᠯᠤᠨ | ᠵᠠᠳᠠᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠳᠣᠬᠠᠨ ᠤ ᠡᠯ᠎ᠡ ᠲᠥᠷᠥᠯ ᠤᠨ ᠬᠡᠷᠡᠭ ᠢ | ᠰᠢᠢᠳᠪᠦᠷᠢᠯᠡᠭᠰᠡᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ ᠠᠵᠢᠯ ᠤᠨ ᠳᠤᠮᠳᠠᠬᠢ ᠠᠰᠠᠭᠤᠳᠠᠯ ᠤᠨ ᠳᠤᠲᠠᠭᠤᠳᠠᠯ ᠢ | ᠵᠠᠳᠠᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠳᠡᠭᠡᠷ᠎ᠡ᠂ ᠡᠯ᠎ᠡ ᠳᠤᠮᠳᠠ ᠠᠩᠭᠢ ᠶᠢᠨ ᠬᠢᠨ ᠲᠣᠰ ᠰᠠᠯᠠᠭ᠎ᠠ ᠮᠥᠴᠢᠷ ᠤᠨ ᠢᠶᠠᠨ ᠣᠳᠣᠬᠠᠨ ᠤ ᠬᠡᠷᠡᠭ ᠢ | ᠰᠢᠢᠳᠪᠦᠷᠢᠯᠡᠵᠦ ᠪᠠᠶᠢᠭ᠎ᠠ ᠠᠬᠢᠴᠠ ᠶᠢ ᠲᠣᠰ ᠲᠣᠰ ᠬᠠᠷᠢᠭᠤ ᠮᠡᠳᠡᠭᠦᠯᠵᠦ᠂ ᠣᠲᠣ ᠶᠢᠨ ᠪᠠᠶᠢᠭ᠎ᠠ ᠬᠦᠴᠢᠷ ᠲᠦᠪᠡᠭᠲᠡᠢ | ᠬᠡᠷᠡᠭ ᠢ ᠬᠠᠷᠢᠭᠤ ᠲᠤᠰᠬᠠᠵᠤ᠂ ᠪᠣᠳᠠᠲᠠᠢ ᠬᠡᠷᠡᠭ ᠲᠤ ᠴᠢᠭᠯᠡᠭᠦᠯᠦᠨ ᠭᠦᠨᠵᠡᠭᠡᠢ ᠵᠠᠳᠠᠯᠤᠯᠲᠠ ᠬᠢᠵᠦ ᠰᠤᠳᠤᠯᠤᠨ | ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠪᠠ ᠬᠠᠷᠠᠯᠲᠠ ᠶᠢ ᠲᠣᠭᠲᠠᠭᠠᠭᠰᠠᠨ ᠪᠥᠭᠡᠳ ᠠᠯᠪᠠᠨ | ᠭᠡᠷ ᠠᠴᠠ ᠬᠠᠷᠢᠭᠤᠴᠠᠵᠤ ᠪᠠᠶᠢᠭᠠᠳ ᠨᠢᠭᠡᠳᠦᠯᠲᠡᠢ ᠬᠤᠷᠢᠶᠠᠩᠭᠤᠶᠢᠯᠠᠪᠠ᠃ | ᠬᠤᠷᠠᠯ ᠠᠴᠠ᠂ ᠪᠠᠴᠢᠮ ᠲᠤᠯᠭᠠᠮ᠎ᠠ ᠰᠡᠳᠬᠢᠯᠭᠡ ᠪᠠ ᠭᠦᠢᠴᠡᠳᠬᠡᠬᠦ ᠬᠦᠴᠦᠨ ᠢᠶᠠᠨ ᠴᠢᠩᠭᠠᠳᠬᠠᠵᠤ᠂ ᠣᠨ ᠤ | ᠭᠤᠣᠯᠳᠠᠯᠭ᠎ᠠ ᠲᠠᠢ ᠠᠵᠢᠯ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢᠨ ᠬᠠᠷᠢᠭᠤᠴᠠᠯᠭ᠎ᠠ ᠲᠠᠢ ᠬᠠᠷᠢᠴᠠᠭᠤᠯᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠴᠠᠯᠢᠩ ᠥᠷᠢᠲᠦᠬᠦ ᠬᠡᠷᠡᠭ ᠢ ᠶᠠᠰᠤ ᠴᠢᠨᠠᠷ | ᠲᠤᠭ᠎ᠠ ᠬᠡᠮᠵᠢᠶ᠎ᠡ ᠶᠢ ᠪᠠᠲᠤᠯᠠᠵᠤ ᠴᠠᠭ ᠲᠤᠬᠠᠢ ᠳᠤᠨᠢ ᠰᠢᠢᠳᠪᠦᠷᠢᠯᠡᠨ ᠳᠠᠭᠤᠰᠬᠠᠬᠤ ᠶᠢ ᠪᠠᠲᠤᠯᠠᠵᠤ᠂ ᠪᠦᠬᠦ ᠵᠢᠯ ᠤᠨ | ᠠᠵᠢᠯ ᠳᠤ ᠪᠠᠲᠤ ᠪᠠᠬᠢ ᠰᠠᠭᠤᠷᠢ ᠲᠠᠯᠪᠢᠵᠤ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠶᠠᠪᠤᠴᠠ ᠳᠤ ︽ᠲᠡᠷᠢᠭᠦᠨ | ᠰᠢᠳᠠᠮ︾ ᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠬᠥᠳᠡᠯᠮᠦᠷᠢ ᠶᠢᠨ ᠪᠠᠲᠤᠯᠠᠪᠤᠷᠢ ᠶᠢᠨ ᠬᠢᠨᠠᠨ ᠪᠠᠶᠢᠴᠠᠭᠠᠬᠤ ᠠᠵᠢᠯ ᠨᠢ ᠥᠷᠭᠡᠨ ᠤᠯᠠᠨ | ᠬᠥᠳᠡᠯᠮᠦᠷᠢᠴᠢᠳ ᠤᠨ ᠲᠤᠰ ᠪᠡᠶ᠎ᠡ ᠶᠢᠨ ᠠᠰᠢᠭ ᠲᠤᠰᠠ ᠪᠠ ᠨᠡᠶᠢᠭᠡᠮ ᠤᠨ ᠠᠮᠤᠷ ᠲᠣᠭᠲᠠᠭᠤᠨ ᠤ ᠶᠡᠭᠡ ᠲᠠᠯ᠎ᠠ ᠲᠠᠢ | ᠨᠢᠭᠲᠠ ᠬᠤᠯᠪᠣᠭ᠎ᠠ ᠲᠠᠢ ᠶᠤᠮ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ | ᠤᠯᠠᠮ ᠨᠢᠭᠡ ᠠᠯᠬᠤᠮ ᠪᠠᠲᠤᠳᠬᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭ ᠰᠢᠭᠤᠳᠴᠤ᠂ | ᠬᠠᠷᠢᠭᠤᠴᠠᠯᠭ᠎ᠠ ᠪᠠᠨ ᠡᠭᠦᠷᠭᠡᠯᠡᠵᠦ᠂ ᠠᠷᠭ᠎ᠠ ᠰᠠᠮᠪᠠᠭ᠎ᠠ ᠪᠠᠨ ᠴᠢᠩᠭ᠎ᠠ ᠠᠳᠬᠤᠵᠤ᠂ ᠬᠠᠷᠠᠯᠲᠠ ᠪᠠᠨ ᠴᠢᠩᠭ᠎ᠠ ᠠᠳᠬᠤᠵᠤ᠂ | ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠰᠡᠳᠬᠢᠯ ᠠᠴᠠ ᠪᠠᠨ ᠰᠠᠶᠢᠲᠤᠷ ᠬᠠᠮᠠᠭᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | | | | | | | | | | | |