ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽1+N︾ ᠠᠵᠢᠯ ᠤᠨ ᠵᠠᠭᠪᠤᠷ ᠢ ᠠᠰᠢᠭᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/4/3
      ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠪᠦᠬᠦ ᠲᠠᠯ᠎ᠠ ᠪᠠᠷ ᠠᠭᠤᠰᠤᠯᠴᠠᠬᠤ ᠪᠠᠷ ᠭᠠᠷᠳᠠᠴᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠵᠤ ᠪᠠᠲᠤ ᠪᠠᠬᠢ ᠪᠤᠢ ᠪᠣᠯᠭᠠᠬᠤ ᠠᠵᠢᠯ ᠢ ᠰᠠᠶᠢᠲᠤᠷ ᠠᠳᠬᠤᠪᠠ᠃      ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ + ᠬᠠᠤᠯᠢᠵᠢᠯ ᠤᠨ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ︾᠃ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠢᠯ ᠤᠨ ᠲᠥᠰᠥᠯ ᠲᠣᠭᠲᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠲᠤᠬᠠᠢ ᠴᠢᠬᠤᠯᠠ ᠥᠭᠦᠯᠡᠯᠲᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ﹀᠎ ᠢ ᠬᠡᠷᠡᠭᠵᠢᠭᠦᠯᠬᠦ ᠠᠷᠭ᠎ᠠ︾ ᠵᠡᠷᠭᠡ ᠠᠭᠤᠯᠭ᠎ᠠ ᠶᠢ ᠣᠨᠣᠯ ᠰᠤᠷᠤᠯᠴᠠᠬᠤ ᠲᠥᠯᠥᠪᠯᠡᠭᠡ ᠪᠠ ᠤᠬᠠᠭᠤᠯᠭ᠎ᠠ ᠶᠢᠨ ᠲᠥᠯᠥᠪᠯᠡᠭᠡ ᠳᠤ ᠤᠷᠤᠭᠤᠯᠵᠤ᠂ ᠺᠠᠳ᠋ᠷ ᠠᠵᠢᠯᠲᠠᠨ ᠠᠵᠢᠯᠴᠢᠨ ᠤ ᠦᠵᠡᠯ ᠰᠠᠨᠠᠭ᠎ᠠ ᠲᠠᠨᠢᠯᠲᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠳᠤᠳᠬᠠᠪᠠ᠃       ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ + ᠬᠠᠤᠯᠢᠵᠢᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ︾᠃ ᠨᠢᠭᠡ ᠳᠤ ︽ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠪᠦᠯᠬᠦᠮᠳᠡᠯ ᠢ ᠬᠠᠮᠠᠭᠠᠯᠠᠬᠤ︾᠎ ᠪᠠᠷ ᠭᠤᠣᠯ ᠰᠡᠳᠦᠪ ᠪᠣᠯᠭᠠᠵᠤ᠂  ᠨᠢᠭᠡᠳᠦᠭᠡᠷ ᠮᠠᠰᠢᠨ ᠤ ᠮᠠᠲᠠᠷ ᠤᠨ ᠨᠠᠭᠤᠷ ᠴᠡᠴᠡᠷᠯᠢᠭ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠤᠯᠢᠵᠢᠯ ᠤᠨ ᠬᠦᠷᠢᠶᠡᠯᠡᠩ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠠᠷᠠᠳ ᠤᠯᠠᠨ ᠤ ᠵᠤᠭᠠᠴᠠᠯ᠂ ᠰᠤᠷᠤᠯᠴᠠᠯᠭ᠎ᠠ ᠳᠤ ᠣᠷᠣᠯᠴᠠᠬᠤ ᠳᠤ ᠨᠦᠬᠦᠴᠡᠯ ᠬᠠᠩᠭᠠᠵᠠᠢ᠃ ᠬᠤᠶᠠᠷ ᠲᠤ᠂ ︽ᠴᠢᠩᠱᠠᠨ ᠬᠠᠤᠯᠢ ᠴᠠᠭᠠᠵᠠ︾᠎ ᠶᠢᠨ ᠨᠡᠶᠢᠲᠡ ᠶᠢᠨ ᠳ᠋ᠤᠭᠠᠷ ᠳᠡᠭᠡᠷ᠎ᠡ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠪᠤᠯᠤᠩ︾ ᠭᠠᠷᠭᠠᠵᠤ᠂ ᠨᠡᠶᠢᠲᠡ 220 ᠭᠠᠷᠤᠢ ᠵᠤᠷᠪᠤᠰ ᠤᠬᠠᠭᠤᠯᠭ᠎ᠠ ᠶᠢᠨ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠪᠠ︔ ᠭᠤᠷᠪᠠ ᠳᠤ᠂ ᠬᠠᠤᠯᠢ ᠴᠠᠭᠠᠵᠠ ᠶᠢᠨ ᠭᠠᠵᠠᠷ ᠤᠨ ᠺᠠᠳ᠋ᠷ ᠠᠵᠢᠯᠲᠠᠨ᠂ ᠠᠯᠪᠠᠨ ᠭᠡᠷᠡᠴᠢᠯᠡᠭᠴᠢ᠂ ︽ᠬᠠᠤᠯᠢ ᠴᠠᠭᠠᠵᠠ ᠶᠢᠨ ᠤᠬᠠᠭᠠᠨ ᠲᠠᠢ ᠬᠥᠮᠥᠨ︾᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠭᠴᠢ᠂ ᠬᠠᠤᠯᠢᠴᠢ 882 ᠰᠠᠭᠤᠭᠠᠯᠢ ᠠᠷᠠᠳ︵ᠲᠣᠰᠬᠤᠨ ᠤ ᠠᠷᠠᠳ︶᠎ ᠤᠨ ᠰᠦᠯᠵᠢᠶᠡᠨ ᠤ ᠪᠦᠯᠦᠭᠯᠡᠯ ᠳᠤ ᠣᠷᠣᠵᠤ ᠰᠠᠭᠤᠵᠤ᠂ ᠭᠤᠣᠯᠳᠠᠭᠤ ᠤᠷᠤᠭ ᠭᠡᠷ ᠪᠦᠯᠢ᠂ ᠨᠠᠰᠤᠵᠢᠯ ᠤᠨ ᠠᠰᠠᠷᠠᠮᠵᠢ ᠶᠢᠨ ᠵᠠᠯᠭᠠᠮᠵᠢᠯᠠᠯ᠂ ᠬᠥᠷᠰᠢ ᠵᠡᠷᠭᠡᠯᠡᠳᠡᠭᠡ ᠶᠢᠨ ᠵᠠᠭᠤᠷᠠᠯᠳᠤᠭᠠᠨ᠂ ᠬᠤᠣᠷ᠎ᠠ ᠴᠠᠭᠠᠵᠠᠯᠠᠵᠤ ᠭᠠᠵᠢᠭᠤ ᠪᠤᠷᠤᠭᠤ ᠶᠢ ᠡᠰᠡᠷᠭᠦᠴᠡᠬᠦ᠂ ᠴᠠᠬᠢᠯᠭᠠᠨ ᠮᠡᠬᠡᠯᠡᠯ ᠢ ᠡᠰᠡᠷᠭᠦᠴᠡᠬᠦ ᠵᠡᠷᠭᠡ ᠠᠭᠤᠯᠭ᠎ᠠ ᠶᠢᠨ ᠲᠣᠭᠤᠷᠢᠨ ᠳᠤ᠂ ᠡᠳᠦᠷ ᠪᠦᠷᠢ ᠬᠠᠤᠯᠢ ᠴᠠᠭᠠᠵᠠ ᠶᠢᠨ ᠮᠡᠳᠡᠯᠭᠡ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠬᠡᠷᠡᠭ ᠤᠨ ᠵᠢᠱᠢᠶ᠎ᠡ᠂ ᠬᠠᠤᠯᠢ ᠪᠠᠷ ᠵᠠᠰᠠᠬᠤ ᠵᠢᠵᠢᠭ ᠦᠯᠢᠭᠡᠷ ᠵᠡᠷᠭᠡ ᠶᠢ ᠬᠦᠷᠭᠡᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠤᠬᠠᠭᠤᠯᠪᠠ᠃       ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ + ᠣᠨᠴᠠᠭᠠᠢ ᠬᠥᠮᠥᠰ ᠤᠨ ᠬᠠᠮᠢᠶᠠᠷᠤᠯᠲᠠ︾᠃ ᠨᠢᠭᠡ ᠳᠤ ᠳᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠢᠳᠡᠪᠬᠢᠲᠡᠢ ᠪᠠᠷ ᠨᠠᠶᠢᠳᠠᠪᠤᠷᠢᠵᠢᠭᠤᠯᠤᠨ᠂ ᠦᠨᠳᠦᠰᠦᠲᠡᠨ ᠨᠦᠭᠦᠳ ᠤᠨ ᠳᠥᠪᠬᠢᠨᠡᠭᠦᠯᠦᠨ ᠬᠠᠪᠰᠤᠷᠤᠨ ᠰᠤᠷᠭᠠᠬᠤ ᠬᠥᠮᠥᠰ ᠲᠤ ᠰᠤᠷᠤᠯᠴᠠᠭᠤᠯᠤᠨ ᠪᠣᠯᠪᠠᠰᠤᠷᠠᠭᠤᠯᠬᠤ ᠲᠣᠬᠢᠶᠠᠯ ᠣᠯᠭᠤᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠳᠤ ᠨᠡᠶᠢᠴᠡᠬᠦ ᠳᠥᠪᠬᠢᠨᠡᠭᠦᠯᠦᠨ ᠬᠠᠪᠰᠤᠷᠤᠨ ᠰᠤᠷᠭᠠᠬᠤ ᠡᠲᠡᠭᠡᠳ ᠲᠤ ᠨᠠᠭᠠᠲᠤ ᠵᠠᠬ᠎ᠠ ᠶᠢᠨ ᠪᠠᠲᠤᠯᠠᠭ᠎ᠠ ᠶᠢ ᠢᠳᠡᠪᠬᠢᠲᠡᠢ ᠪᠠᠷ ᠭᠦᠢᠴᠡᠳᠬᠡᠵᠦ᠂ ᠬᠥᠮᠥᠨ ᠤ ᠨᠡᠶᠢᠭᠡᠮ ᠤᠨ ᠪᠠᠲᠤᠯᠠᠭ᠎ᠠ ᠶᠢ ᠵᠣᠬᠢᠴᠠᠭᠤᠯᠬᠤ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠤ ᠬᠠᠷᠠᠭᠠᠯᠵᠠᠯ ᠦᠵᠡᠭᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ ᠦᠨᠳᠦᠰᠦᠲᠡᠨ ᠨᠦᠭᠦᠳ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ︽ᠨᠢᠭᠡ ᠯᠡ ᠠᠳᠠᠯᠢ ᠪᠠᠷ ᠬᠠᠨᠳᠤᠵᠤ︾᠂ ᠬᠢᠨᠠᠯᠲᠠ ᠲᠠᠯᠪᠢᠵᠤ ᠬᠠᠮᠢᠶᠠᠷᠬᠤ ᠪᠠ ᠰᠤᠷᠭᠠᠨ ᠬᠥᠮᠥᠵᠢᠭᠦᠯᠵᠦ ᠬᠠᠪᠰᠤᠷᠤᠨ ᠲᠡᠳᠬᠦᠬᠦ ᠶᠠᠪᠤᠴᠠ ᠳᠤ ᠠᠳᠠᠯᠢ ᠪᠠᠷᠢᠮᠵᠢᠶ᠎ᠠ᠂ ᠠᠳᠠᠯᠢ ᠱᠠᠭᠠᠷᠳᠠᠯᠭ᠎ᠠ᠂ ᠠᠳᠠᠯᠢ ᠰᠤᠷᠭᠠᠨ ᠬᠥᠮᠥᠵᠢᠭᠦᠯᠬᠦ ᠶᠢ ᠪᠡᠶᠡᠯᠡᠭᠦᠯᠵᠦ᠂ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯᠳᠠ ᠭᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠶᠢ ᠦᠨᠡᠨ ᠬᠦ ᠪᠠᠲᠤᠯᠠᠵᠤ᠂ ᠬᠠᠮᠢᠶᠠᠷᠤᠯᠲᠠ ᠠᠴᠠ ᠰᠠᠯᠬᠤ᠂ ᠬᠠᠮᠢᠶᠠᠷᠤᠯᠲᠠ ᠠᠴᠠ ᠭᠤᠭᠤᠵᠢᠬᠤ ᠦᠵᠡᠭᠳᠡᠯ ᠪᠠ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ᠬᠤᠯᠪᠣᠭᠳᠠᠬᠤ ᠬᠦᠨᠳᠦ ᠶᠡᠭᠡ ᠬᠦᠨᠳᠦ ᠨᠣᠴᠢᠲᠠᠢ ᠬᠡᠷᠡᠭ᠂ ᠬᠠᠮᠲᠤᠯᠢᠭ ᠤᠨ ᠴᠢᠨᠠᠷᠲᠠᠢ ᠬᠡᠷᠡᠭ᠂ ᠬᠦᠨᠳᠦ ᠶᠡᠭᠡ ᠨᠠᠵᠠᠭᠠᠢ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠭᠠᠷᠬᠤ ᠠᠴᠠ ᠵᠠᠶᠢᠯᠠᠰᠬᠢᠨ᠎ᠠ᠃       ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ + ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ︾᠃ ᠨᠢᠭᠡ ᠳᠤ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠦᠯᠵᠢᠶᠡᠨ ᠳᠠᠬᠢ ᠬᠠᠤᠯᠢ ᠴᠠᠭᠠᠵᠠ ᠶᠢᠨ ᠭᠠᠵᠠᠷ᠂ ᠬᠤᠲᠠ ᠶᠢᠨ ᠠᠷᠠᠳ ᠤᠨ ᠬᠠᠯᠠᠭᠤᠨ ᠤᠲᠠᠰᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠭᠤᠨ ᠤᠲᠠᠰᠤ᠂ ᠰᠦᠯᠵᠢᠶᠡᠨ ᠭᠠᠳᠠᠨᠠᠬᠢ ᠠᠰᠠᠭᠤᠨ ᠯᠠᠪᠯᠠᠬᠤ ᠴᠤᠩᠬᠤᠪᠴᠢ ᠪᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠠᠷᠠᠳ ᠤᠯᠠᠨ ᠳᠤ ᠪᠦᠬᠦᠯᠢ ᠡᠳᠦᠷ ᠤᠨ ᠬᠠᠤᠯᠢ ᠴᠠᠭᠠᠵᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠵᠥᠷᠢᠴᠡᠯ ᠵᠢᠭᠤᠷᠠᠯᠳᠤᠭᠠᠨ ᠢ ᠪᠠᠭᠠᠰᠬᠠᠨ᠎ᠠ︔ ᠡᠭᠦᠨ ᠤ ᠬᠠᠮᠲᠤ ᠦᠨᠳᠦᠰᠦᠲᠡᠨ ᠨᠦᠭᠦᠳ ᠤᠨ ᠠᠷᠠᠳ ᠤᠯᠠᠨ ᠤ ᠰᠠᠨᠠᠯ ᠪᠠ ᠰᠠᠨᠠᠭᠤᠯᠭ᠎ᠠ ᠶᠢ ᠬᠦᠯᠢᠶᠡᠨ ᠠᠪᠴᠤ᠂ ᠪᠣᠳᠠᠲᠠᠢ ᠵᠢᠯᠣᠭᠤᠳᠤᠯᠭ᠎ᠠ ᠪᠠ ᠬᠠᠪᠰᠤᠷᠤᠯᠭ᠎ᠠ ᠬᠠᠩᠭᠠᠨ᠎ᠠ᠃ ᠬᠤᠶᠠᠷ ᠲᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ ︽ᠬᠠᠤᠯᠢ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠰᠢᠷᠢᠰ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠬᠦᠨ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号