ᠪᠠᠢ ᠶᠦᠨ ᠰᠢ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/3
      4 ᠰᠠᠷ᠎ᠠ ᠶᠢᠨ 2᠎ ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃       ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠢ ᠶᠦᠨ ᠰᠢ ᠨᠠᠷ ᠤᠷᠢᠳ ᠬᠤᠵᠢᠳ ᠬᠤᠩ ᠶᠤᠸᠠᠨ ᠭᠡᠷᠡᠯ ᠴᠡᠨᠡᠭ ᠤᠨ ᠲᠣᠨᠣᠭᠯᠠᠯ᠂ ᠭᠦᠸᠧ ᠬᠤᠢ ᠪᠠᠷᠠᠭᠠᠨ ᠤ ᠭᠦᠢᠯᠭᠡᠭᠡ᠂ ᠰᠢᠨ᠎ᠡ ᠡᠨᠧᠷᠭᠢ ᠶᠢᠨ ᠣᠶᠤᠨᠲᠤ ᠡᠨᠧᠷᠭᠢ ᠠᠷᠪᠢᠯᠠᠬᠤ ᠠᠭᠠᠷ ᠢᠶᠠᠷ ᠬᠥᠯᠳᠡᠭᠡᠬᠦ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠵᠢᠷᠤᠵᠤ ᠲᠥᠯᠥᠪᠯᠡᠨ ᠦᠢᠯᠡᠳᠬᠦ ᠵᠢᠴᠢ ᠶᠡᠷᠦᠩᠬᠡᠢ ᠤᠭᠰᠠᠷᠠᠯᠲᠠ᠂ ᠤᠰᠤᠨ ᠤ ᠡᠬᠢ ᠪᠠᠶᠠᠯᠢᠭ ᠢ ᠰᠢᠢᠳᠪᠦᠷᠢᠯᠡᠬᠦ ᠲᠥᠪ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠵᠢᠷᠤᠭ ᠲᠥᠯᠥᠪᠯᠡᠭᠡ ᠶᠢ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠤᠨ ᠲᠥᠯᠦᠪᠵᠢᠭᠦᠯᠭᠡ᠂ ᠪᠠᠷᠢᠯᠭ᠎ᠠ ᠶᠢᠨ ᠠᠬᠢᠴᠠ᠂ ᠪᠠᠷᠢᠯᠭ᠎ᠠ ᠶᠢᠨ ᠬᠤᠭᠤᠴᠠᠭᠠᠨ ᠤ ᠵᠠᠩᠭᠢᠯᠠᠭ᠎ᠠ ᠶᠢᠨ ᠴᠡᠭ᠂ ᠪᠡᠯᠡ ᠮᠥᠩᠭᠦ ᠶᠢᠨ ᠪᠠᠲᠤᠯᠠᠭ᠎ᠠ᠂ ᠲᠥᠷᠥᠯ ᠵᠦᠢᠯ ᠤᠨ ᠭᠠᠵᠠᠷ ᠰᠢᠷᠣᠢ ᠶᠢᠨ ᠠᠰᠢᠭᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠲᠠᠢ ᠨᠢᠭᠤᠷᠲᠠᠨ ᠰᠣᠯᠢᠯᠴᠠᠵᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠳᠤ ᠲᠤᠬᠠᠢ ᠶᠢᠨ ᠲᠠᠯᠠᠪᠤᠷ ᠲᠤ ᠠᠵᠢᠯᠯᠠᠨ᠂ ᠰᠠᠨᠠᠯ ᠰᠠᠨᠠᠭᠤᠯᠭ᠎ᠠ ᠳᠤᠷᠠᠳᠴᠤ᠂ ᠠᠷᠭ᠎ᠠ ᠬᠡᠮᠵᠢᠶ᠎ᠡ ᠶᠢ ᠵᠦᠪᠳᠡᠯᠴᠡᠪᠡ᠃       ᠪᠠᠢ ᠶᠦᠨ ᠰᠢ᠂ ᠴᠢᠩᠱᠠᠨ ᠲᠣᠭᠤᠷᠢᠭ ᠨᠢ ᠪᠤᠭᠤᠲᠤ ᠬᠤᠳᠠ ᠶᠢᠨ ᠲᠥᠪ ᠬᠤᠳᠠ ᠶᠢᠨ ᠲᠣᠭᠤᠷᠢᠭ ᠤᠨ ᠨᠢᠭᠡ ᠪᠣᠯᠤᠭᠰᠠᠨ ᠤ ᠬᠤᠪᠢ ᠳᠤ᠂ ᠪᠤᠭᠤᠲᠤ ᠬᠤᠳᠠ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠳᠠ︾᠎ ᠶᠢᠨ ᠭᠤᠣᠯ ᠵᠢᠭᠰᠠᠭᠠᠯ ᠤᠨ ᠭᠠᠵᠠᠷ ᠢ ᠪᠦᠲᠦᠭᠡᠨ ᠪᠠᠶᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠪᠣᠯᠬᠤ ᠪᠠᠷ ᠪᠠᠷᠠᠬᠤ ᠦᠭᠡᠢ ᠪᠠᠰᠠ ᠭᠡᠷᠡᠯ ᠴᠡᠨᠡᠭ᠂ ᠰᠢᠨ᠎ᠡ ᠡᠨᠧᠷᠭᠢ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠲᠦᠷᠭᠡᠨ ᠬᠥᠭᠵᠢᠯᠲᠡ ᠶᠢ ᠲᠤᠯᠭᠠᠭᠤᠷᠢᠯᠠᠵᠤ ᠪᠤᠢ᠃ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠣᠲᠣ ᠶᠢᠨ ᠪᠠᠶᠢᠭ᠎ᠠ ᠭᠠᠵᠠᠷ ᠰᠢᠷᠣᠢ ᠶᠢᠨ ᠪᠠᠶᠢᠳᠠᠯ ᠢ ᠲᠣᠳᠣᠷᠬᠠᠶᠢᠯᠠᠵᠤ᠂ ᠠᠰᠢᠭᠯᠠᠵᠤ ᠪᠣᠯᠬᠤ ᠭᠠᠵᠠᠷ ᠰᠢᠷᠣᠢ ᠶᠢᠨ ᠡᠬᠡ ᠲᠠᠩᠰᠠ ᠶᠢ ᠪᠠᠶᠢᠭᠤᠯᠤᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ᠂ ᠴᠠᠬᠢᠯᠭᠠᠨ ᠬᠦᠴᠦᠨ ᠢ ᠥᠭᠡᠷᠡᠴᠢᠯᠡᠨ ᠨᠡᠭᠦᠯᠭᠡᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠰᠠᠶᠢᠲᠤᠷ ᠬᠢᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠳᠤ ᠠᠯᠢ ᠴᠢᠳᠠᠬᠤ ᠪᠠᠷ ᠲᠥᠬᠦᠮ ᠨᠥᠬᠦᠴᠡᠯ ᠡᠭᠦᠳᠦᠨ ᠥᠭᠴᠦ᠂ ᠬᠦᠷᠢᠶᠡᠯᠡᠩ ᠲᠣᠭᠤᠷᠢᠭ ᠤᠨ ᠲᠤᠰᠬᠠᠶᠢᠵᠢᠭᠰᠠᠨ᠂ ᠡᠷᠴᠢᠮᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠣᠳᠣᠬᠠᠨ ᠤ ᠪᠠᠷᠢᠯᠭ᠎ᠠ ᠶᠢᠨ ᠠᠵᠢᠯ ᠤᠨ ᠠᠰᠢᠭᠲᠠᠢ ᠴᠠᠭ ᠲᠣᠬᠢᠶᠠᠯ ᠢ ᠠᠮᠵᠢᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠵᠦᠢ ᠵᠣᠬᠢᠰᠲᠠᠢ ᠪᠠᠷ ᠪᠠᠶᠢᠷᠢᠯᠠᠭᠤᠯᠵᠤ᠂ ᠬᠥᠮᠥᠨ ᠪᠠ ᠲᠥᠬᠦᠭᠡᠷᠦᠮᠵᠢ ᠶᠢ ᠭᠦᠢᠴᠡᠳ ᠲᠣᠬᠢᠷᠠᠭᠤᠯᠵᠤ᠂ ᠠᠶᠤᠯᠭᠦᠢ ᠦᠢᠯᠡᠳᠪᠦᠷᠢᠯᠡᠯ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠬᠦᠴᠦᠨ ᠢᠶᠠᠨ ᠲᠥᠪᠯᠡᠷᠡᠭᠦᠯᠦᠨ᠂ ᠤᠶᠤᠨ ᠴᠢᠳᠠᠯ ᠢᠶᠠᠨ ᠲᠥᠪᠯᠡᠷᠡᠭᠦᠯᠵᠦ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠦᠨᠡᠨ ᠬᠦ ᠲᠦᠷᠭᠡᠳᠬᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠵᠦᠢᠯᠡᠰ ᠢ ᠡᠷᠲᠡ ᠳᠠᠭᠤᠰᠬᠠᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠣᠭᠤᠷᠢᠭ ᠤᠨ ᠤᠳᠤᠷᠢᠳᠤᠯᠭ᠎ᠠ ᠬᠤ᠋ ᠭᠦᠸᠧ ᠵᠦ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号