ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 2 ᠤᠨ ᠴᠠᠭᠢᠯᠭᠠᠨ ᠮᠡᠳᠡᠭᠡ 4 ᠰᠠᠷ᠎ᠠ ᠶᠢᠨ 2 ᠤᠨ ᠣᠷᠣᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ | ᠶᠠᠷᠢᠯᠴᠠᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠵᠢᠴᠢ ᠬᠤᠶᠠᠷ ᠲᠠᠯ᠎ᠠ ᠶᠢᠨ | ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠦᠨᠡᠨᠴᠢ ᠪᠠᠷ ᠭᠦᠨᠵᠡᠭᠡᠢ ᠰᠣᠯᠢᠯᠴᠠᠪᠠ᠃ | ᠰᠢ ᠶᠢᠨ ᠫᠢᠩ᠂ ᠨᠢᠳᠤᠨᠤᠨ ᠤ 11 ᠰᠠᠷ᠎ᠠ ᠳᠤ ᠪᠢ ᠶᠡᠷᠦᠩᠬᠡᠶᠢᠯᠡᠭᠴᠢ ᠠᠪᠤᠭᠠᠢ ᠲᠠᠢ ᠰᠠᠨ ᠹᠷᠠᠨᠰᠢᠰᠺᠦ ᠳᠤ | ᠠᠭᠤᠯᠵᠠᠵᠤ᠂ ᠢᠷᠡᠭᠡᠳᠦᠢ ᠳᠤ ᠬᠠᠨᠳᠤᠭᠰᠠᠨ ︽ᠰᠠᠨ ᠹᠷᠠᠨᠰᠢᠰᠺᠦ ᠶᠢᠨ ᠬᠦᠰᠡᠯ ᠪᠠᠷᠠᠯᠠᠯ︾ ᠢ ᠡᠬᠢᠯᠡᠭᠦᠯᠪᠡ᠃ ᠡᠨᠡ ᠬᠡᠳᠦᠨ | ᠰᠠᠷ᠎ᠠ ᠳᠤ ᠬᠤᠶᠠᠷ ᠲᠠᠯ᠎ᠠ ᠶᠢᠨ ᠪᠦᠯᠭᠦᠮ ᠪᠢᠳᠠᠨ ᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠣᠭᠲᠠᠭᠤᠨ ᠪᠠᠶᠢᠳᠠᠯ ᠢᠯᠡᠷᠡᠵᠦ᠂ ᠬᠤᠶᠠᠷ ᠤᠯᠤᠰ ᠤᠨ | ᠡᠯ᠎ᠡ ᠡᠲᠡᠭᠡᠳ ᠪᠣᠯᠣᠨ ᠳᠡᠯᠡᠬᠡᠢ ᠨᠡᠶᠢᠭᠡᠮ ᠤᠨ ᠬᠦᠷᠢᠶᠡᠯᠡᠯ ᠢ ᠣᠯᠪᠠ᠃ ᠨᠦᠭᠦᠭᠡ ᠲᠠᠯ᠎ᠠ ᠪᠠᠷ᠂ ᠬᠤᠶᠠᠷ ᠤᠯᠤᠰ ᠤᠨ | ᠬᠠᠷᠢᠯᠴᠠᠭᠠᠨ ᠳᠠᠬᠢ ᠨᠠᠵᠠᠭᠠᠢ ᠬᠦᠴᠦᠨ ᠵᠦᠢᠯ ᠴᠦ ᠡᠳᠦᠢ ᠲᠡᠳᠦᠢ ᠨᠡᠮᠡᠭᠳᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ | ᠴᠢᠬᠤᠯᠠᠴᠢᠯᠠᠨ ᠦᠵᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠠᠶᠢᠯᠳᠤᠬᠤ ᠪᠣᠳᠣᠯᠭ᠎ᠠ ᠶᠢᠨ ᠲᠠᠨᠢᠯᠲᠠ ᠶᠢᠨ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢᠨ ᠡᠷᠬᠡᠪᠰᠢ ᠰᠠᠶᠢᠲᠤᠷ ᠴᠢᠬᠤᠯᠠᠴᠢᠯᠠᠬᠤ ︽ᠠᠩᠬᠠᠨ ᠤ ᠠᠯᠬᠤᠮ︾ ᠪᠣᠯᠣᠨ᠎ᠠ᠃ ᠳᠤᠮᠳᠠᠳᠤ ᠠᠮᠧᠷᠢᠺᠠ ᠡᠶᠢᠮᠦ | ᠬᠤᠶᠠᠷ ᠲᠣᠮᠣ ᠤᠯᠤᠰ ᠶᠠᠪᠤᠯᠴᠠᠬᠤ ᠦᠭᠡᠢ᠂ ᠬᠠᠷᠢᠯᠴᠠᠬᠤ ᠦᠭᠡᠢ ᠪᠠᠶᠢᠵᠤ ᠪᠤᠯᠬᠤ ᠦᠭᠡᠢ᠂ ᠨᠡᠩ ᠴᠤ ᠮᠥᠷᠭᠦᠯᠳᠦᠨ | ᠡᠰᠡᠷᠭᠦᠴᠡᠯᠳᠦᠵᠦ ᠪᠤᠯᠬᠤ ᠦᠭᠡᠢ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠨ | ᠬᠠᠮᠲᠤ ᠪᠠᠷ ᠠᠰᠢᠭ ᠬᠦᠷᠲᠡᠵᠦ᠂ ᠦᠷᠭᠦᠯᠵᠢᠯᠡᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠵᠠᠮ ᠢᠶᠠᠷ ᠤᠷᠤᠭᠰᠢᠯᠠᠪᠠᠯ ᠵᠣᠬᠢᠨ᠎ᠠ᠂ | ᠬᠠᠷᠢᠨ ᠥᠩᠭᠡᠷᠡᠭᠰᠡᠨ ᠤ ᠵᠠᠮ ᠢᠶᠠᠷ ᠢᠶᠠᠨ ᠵᠠᠮᠨᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠬᠡᠳᠦᠨ ᠶᠡᠭᠡ ᠵᠠᠷᠴᠢᠮ ᠢ ᠪᠠᠷᠢᠮᠲᠠᠯᠠᠬᠤ ᠬᠡᠷᠡᠭᠲᠡᠢ᠃ | ᠨᠢᠭᠡ ᠳᠤ᠂ ᠨᠠᠶᠢᠷᠠᠮᠳᠠᠯ ᠢ ᠡᠷᠬᠢᠮᠯᠡᠵᠦ᠂ ᠮᠥᠷᠭᠦᠯᠳᠦᠬᠦ ᠦᠭᠡᠢ ᠡᠰᠡᠷᠭᠦᠴᠡᠯᠳᠦᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ | ᠰᠠᠬᠢᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠠᠬᠢ ᠵᠥᠪ ᠲᠠᠯ᠎ᠠ ᠶᠢᠨ ᠵᠢᠱᠢᠯᠲᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠶ᠎ᠡ᠃ ᠬᠤᠶᠠᠷ ᠲᠤ᠂ ᠲᠣᠭᠲᠠᠭᠤᠨ ᠪᠠᠶᠢᠬᠤ ᠶᠢ ᠴᠢᠬᠤᠯᠠᠴᠢᠯᠠᠵᠤ᠂ ᠳᠡᠩᠰᠡᠯᠭᠡᠬᠦ ᠦᠭᠡᠢ᠂ ᠬᠡᠷᠡᠭ ᠥᠳᠥᠭᠡᠬᠦ ᠦᠭᠡᠢ᠂ | ᠬᠠᠷᠢᠯᠴᠠᠨ ᠭᠠᠷ ᠲᠦᠷᠦᠭᠦ ᠦᠭᠡᠢ ᠪᠠᠶᠢᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠷᠦᠩᠬᠡᠢ ᠳᠡᠭᠡᠨ ᠲᠣᠭᠲᠠᠭᠤᠨ | ᠪᠠᠶᠢᠬᠤ ᠶᠢ ᠪᠠᠲᠤᠯᠠᠶ᠎ᠠ᠃ ᠭᠤᠷᠪᠠ ᠳᠤ᠂ ᠦᠨᠡᠨᠴᠢ ᠢᠲᠡᠭᠡᠮᠵᠢ ᠪᠠᠷ ᠦᠨᠳᠦᠰᠦ ᠪᠤᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ | ᠲᠤᠰ ᠲᠤᠰ ᠤᠨ ᠠᠮᠠᠯᠠᠯᠲᠠ ᠪᠠᠨ ᠪᠡᠶᠡᠯᠡᠭᠦᠯᠵᠦ᠂ ︽ᠰᠠᠨ ᠹᠷᠠᠨᠰᠢᠰᠺᠤ ᠶᠢᠨ ᠬᠦᠰᠡᠯ ᠪᠠᠷᠠᠯᠠᠯ︾ ᠢ ︽ᠪᠣᠳᠠᠲᠤ ᠠᠬᠤᠢ ᠪᠠᠶᠢᠳᠠᠯ︾ | ᠪᠣᠯᠭᠠᠨ ᠬᠤᠪᠢᠷᠠᠭᠤᠯᠤᠶ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠭᠡᠯᠪᠡᠷᠢ ᠪᠠᠷ ᠶᠠᠷᠢᠯᠴᠠᠭ᠎ᠠ ᠪᠠᠨ | ᠴᠢᠩᠭᠠᠳᠬᠠᠵᠤ᠂ ᠵᠥᠷᠢᠴᠡᠯ ᠢᠶᠠᠨ ᠪᠣᠯᠭᠤᠮᠵᠢᠲᠠᠢ ᠣᠪᠣᠷ ᠢᠶᠠᠷ ᠬᠠᠮᠢᠶᠠᠷᠤᠨ ᠡᠵᠡᠮᠳᠡᠵᠦ᠂ ᠬᠠᠷᠢᠯᠴᠠᠨ ᠠᠰᠢᠭᠲᠠᠢ ᠪᠠᠶᠢᠬᠤ | ᠵᠣᠷᠢᠭ ᠰᠠᠨᠠᠭ᠎ᠠ ᠪᠠᠷ ᠬᠠᠮᠲᠤᠷᠠᠯᠴᠠᠭ᠎ᠠ ᠪᠠᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠯᠠᠨ ᠤᠯᠤᠰ ᠤᠨ | ᠵᠣᠬᠢᠴᠠᠭᠤᠯᠭ᠎ᠠ ᠶᠢ ᠴᠢᠩᠭᠠᠳᠬᠠᠶ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠩ ᠲᠦᠷᠦᠭᠦᠨ ᠤ | ᠳᠠᠪᠠᠵᠤ ᠪᠣᠯᠣᠰᠢ ᠦᠭᠡᠢ ᠤᠯᠠᠭᠠᠨ ᠱᠤᠭᠤᠮ ᠮᠥᠨ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠦᠴᠦᠨ ᠤ | ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠳᠤᠷ᠎ᠠ ᠪᠠᠷ ᠨᠢ ᠲᠠᠯᠪᠢᠵᠤ ᠬᠠᠪᠰᠤᠷᠤᠨ ᠳᠡᠮᠵᠢᠬᠦ ᠠᠵᠢᠯᠯᠠᠭ᠎ᠠ ᠶᠢ ᠪᠢᠳᠡ | ᠰᠣᠨᠣᠰᠤᠭᠠᠳ ᠯᠡ ᠥᠩᠭᠡᠷᠡᠭᠦᠯᠬᠦ ᠪᠢᠰᠢ ᠶᠤᠮ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ ︽ᠲᠠᠶᠢᠸᠠᠨ ᠤ | ᠲᠤᠰᠠᠭᠠᠷ ᠲᠣᠭᠲᠠᠨᠢᠬᠤ︾ ᠶᠢ ᠦᠯᠦ ᠳᠡᠮᠵᠢᠬᠦ ᠢᠳᠡᠪᠬᠢᠲᠡᠢ ᠣᠪᠣᠷ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠶᠢ | ᠬᠦᠰᠡᠵᠦ ᠪᠠᠶᠢᠨ᠎ᠠ᠃ ᠠᠮᠧᠷᠢᠺᠠ ᠶᠢᠨ ᠳᠤᠮᠳᠠᠳᠤ ᠤᠯᠤᠰ ᠤᠨ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠳᠤ ᠴᠢᠭᠯᠡᠭᠦᠯᠦᠭᠰᠡᠨ ᠳᠠᠷᠤᠯᠲᠠ ᠦᠵᠡᠭᠦᠯᠭᠦ ᠠᠷᠭ᠎ᠠ ᠬᠡᠮᠵᠢᠶ᠎ᠡ ᠲᠠᠰᠤᠷᠠᠯᠲᠠ ᠦᠭᠡᠢ ᠭᠠᠷᠴᠤ ᠢᠷᠡᠵᠤ᠂ ᠳᠤᠮᠳᠠᠳᠤ | ᠤᠯᠤᠰ ᠤᠨ ᠠᠵᠤ ᠠᠬᠤᠶᠢᠯᠠᠯ ᠢ ᠵᠠᠯᠬᠠᠭᠠᠬᠤ ᠳᠠᠩᠰᠠ ᠶᠠᠪᠤᠬᠤ ᠲᠤᠲᠤᠮ ᠨᠡᠮᠡᠭᠳᠡᠵᠦ ᠪᠠᠶᠢᠨ᠎ᠠ᠃ ᠡᠨᠡ ᠨᠢ ︽ᠲᠦᠭᠰᠢᠭᠦᠷᠢ ᠶᠢ | ᠠᠷᠢᠯᠭᠠᠬᠤ︾ ᠶᠠᠪᠤᠳᠠᠯ ᠪᠢᠰᠢ᠂ ᠬᠠᠷᠢᠨ ᠲᠦᠭᠰᠢᠭᠦᠷᠢ ᠶᠢ ᠪᠤᠢ ᠪᠤᠯᠭᠠᠬᠤ ᠶᠠᠪᠤᠳᠠᠯ ᠪᠣᠯᠣᠨ᠎ᠠ᠃ ᠬᠡᠷᠪᠡ ᠠᠮᠧᠷᠢᠺᠠ ᠶᠢᠨ | ᠲᠠᠯ᠎ᠠ ᠶᠢᠨ ᠬᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠨᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠶᠢᠨ | ᠠᠰᠢᠭ ᠲᠤᠰᠠ ᠶᠢ ᠬᠠᠮᠲᠤ ᠪᠠᠷ ᠡᠳ᠋ᠯᠡᠬᠦ ᠳᠤᠷᠠᠲᠠᠢ ᠪᠣᠯ᠂ ᠳᠤᠮᠳᠠᠳᠤ ᠶᠢᠨ ᠲᠠᠯ᠎ᠠ ᠶᠢᠨ ᠬᠢᠨ ᠬᠡᠵᠢᠶᠡᠳᠡ ᠡᠭᠦᠳᠡ ᠪᠠᠨ ᠨᠡᠭᠡᠭᠡᠵᠦ | ᠤᠬᠳᠤᠨ᠎ᠠ;ᠬᠡᠷᠪᠡ ᠠᠮᠧᠷᠢᠺᠠ ᠶᠢᠨ ᠲᠠᠯ᠎ᠠ ᠶᠢᠨ ᠬᠢᠨ ᠮᠤᠵᠢᠭᠤᠳᠠ ᠪᠠᠷ ᠳᠤᠮᠳᠠᠳᠤ ᠤᠯᠤᠰ ᠤᠨ ᠳᠡᠭᠡᠳᠦ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠶᠢ ᠳᠠᠷᠤᠵᠤ᠂ ᠳᠤᠮᠳᠠᠳᠤ ᠤᠯᠤᠰ ᠤᠨ ᠵᠦᠢ ᠶᠣᠰᠣᠨ ᠤ ᠬᠥᠭᠵᠢᠯᠲᠡ ᠶᠢᠨ | ᠡᠷᠬᠡ ᠶᠢ ᠦᠭᠡᠶᠢᠰᠭᠡᠭᠦ ᠳᠤ ᠭᠦᠷᠪᠡᠯ ᠪᠢᠳᠡ ᠪᠠᠰᠠ ᠬᠠᠮᠢᠶᠠᠷᠬᠤ ᠦᠭᠡᠢ ᠰᠠᠭᠤᠬᠤ ᠪᠢᠰᠢ ᠭᠡᠵᠦ ᠴᠢᠬᠤᠯᠠᠴᠢᠯᠠᠪᠠ᠃ | ᠰᠢ ᠶᠢᠨ ᠫᠢᠩ ᠰᠢᠶᠠᠩᠭᠠᠩ᠂ ᠬᠥᠮᠥᠨ ᠤ ᠡᠷᠬᠡ᠂ ᠡᠮᠦᠨᠡᠲᠦ ᠲᠠᠩᠭᠢᠰ ᠵᠡᠷᠭᠡ ᠳᠤ ᠬᠤᠯᠪᠣᠭᠳᠠᠭᠰᠠᠨ ᠠᠰᠠᠭᠤᠳᠠᠯ ᠤᠨ | ᠲᠠᠯ᠎ᠠ ᠪᠠᠷ ᠬᠢ ᠳᠤᠮᠳᠠᠳᠤ ᠤᠯᠤᠰ ᠤᠨ ᠵᠣᠭᠰᠣᠯᠲᠠ ᠶᠢ ᠲᠣᠳᠣᠷᠬᠠᠶᠢᠯᠠᠨ ᠥᠭᠦᠯᠡᠪᠡ᠃ | ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠭᠦᠨ ᠭᠦᠨᠵᠡᠭᠡᠢ | ᠨᠥᠯᠥᠭᠡ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠪᠣᠯᠣᠨ᠎ᠠ᠃ ᠰᠠᠨ ᠹᠷᠠᠨᠰᠢᠰᠺᠤ ᠶᠢᠨ ᠠᠭᠤᠯᠵᠠᠯᠲᠠ ᠠᠴᠠ ᠨᠠᠭᠠᠰᠢᠬᠢ | ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠣᠯᠣᠭᠰᠠᠨ ᠠᠬᠢᠴᠠ ᠨᠢ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ | ᠢᠳᠡᠪᠬᠢᠲᠡᠢ ᠪᠠᠷ ᠠᠬᠢᠭᠤᠯᠬᠤ ᠶᠢᠨ ᠬᠠᠮᠲᠤ ᠬᠠᠷᠢᠭᠤᠴᠠᠬᠤ ᠣᠪᠣᠷ ᠢᠶᠠᠷ ᠵᠥᠷᠢᠯᠳᠦᠭᠡᠨ ᠢᠶᠠᠨ ᠬᠠᠮᠢᠶᠠᠷᠴᠤ ᠪᠤᠯᠬᠤ ᠶᠢ | ᠬᠠᠷᠠᠭᠤᠯᠪᠠ᠃ ᠠᠮᠧᠷᠢᠺᠠ ᠶᠢᠨ ᠲᠠᠯ᠎ᠠ ᠶᠢᠨ ᠬᠢᠨ ︽ᠰᠢᠨ᠎ᠡ ᠬᠦᠢᠲᠡᠨ ᠳᠠᠶᠢᠨ︾ ᠢ ᠡᠷᠢᠯᠬᠢᠯᠡᠬᠦ ᠦᠭᠡᠢ᠂ ᠳᠤᠮᠳᠠᠳᠤ ᠤᠯᠤᠰ ᠤᠨ | ᠪᠠᠶᠢᠭᠤᠯᠤᠯ ᠢ ᠥᠭᠡᠷᠡᠴᠢᠯᠡᠬᠦ ᠶᠢ ᠡᠷᠢᠯᠬᠢᠯᠡᠬᠦ ᠦᠭᠡᠢ᠂ ᠬᠤᠯᠪᠣᠭᠠᠨ ᠤ ᠬᠠᠷᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ | ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ᠂ ︽ᠲᠠᠶᠢᠸᠠᠨ ᠤ ᠲᠤᠰᠠᠭᠠᠷ ᠲᠣᠭᠲᠠᠨᠢᠬᠤ︾ ᠶᠢ ᠳᠡᠮᠵᠢᠬᠦ ᠦᠭᠡᠢ᠂ | ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠪᠤᠳᠤᠯ ᠦᠭᠡᠢ ᠭᠡᠵᠦ ᠪᠢ ᠳᠠᠪᠲᠠᠨ ᠢᠯᠡᠷᠬᠡᠶᠢᠯᠡᠶ᠎ᠡ᠃ ᠠᠮᠧᠷᠢᠺᠠ ᠶᠢᠨ ᠬᠢᠨ | ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠬᠥᠭᠵᠢᠯᠲᠡ ᠳᠡᠯᠡᠬᠡᠢ | ᠳ᠋ᠠᠬᠢᠨ ᠳᠤ ᠠᠰᠢᠭᠲᠠᠢ᠂ ᠠᠮᠧᠷᠢᠺᠠ ᠳᠤᠮᠳᠠᠳᠤ ᠤᠯᠤᠰ ᠤᠨ ᠬᠥᠭᠵᠢᠯᠲᠡ ᠶᠢ ᠬᠤᠷᠢᠭᠯᠠᠬᠤ ᠶᠢ ᠡᠷᠢᠯᠬᠢᠯᠡᠬᠦ ᠦᠭᠡᠢ᠂ ᠳᠤᠮᠳᠠᠳᠤ | ᠤᠯᠤᠰ ᠲᠠᠢ ︽ᠬᠠᠷᠢᠯᠴᠠᠭ᠎ᠠ ᠪᠠᠨ ᠲᠠᠰᠤᠯᠬᠤ︾ ᠶᠢ ᠡᠷᠢᠯᠬᠢᠯᠡᠬᠦ ᠦᠭᠡᠢ᠃ ᠳᠤᠷᠠᠲᠠᠶ᠎ᠠ ᠡᠳ᠋ ᠤᠨ ᠵᠠᠰᠠᠭ ᠤᠨ ᠶᠠᠮᠤᠨ ᠤ ᠰᠠᠶᠢᠳ | ᠶᠧᠯᠤᠨ᠂ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠢ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠲᠤ | ᠠᠶᠢᠯᠴᠢᠯᠠᠬᠤ ᠪᠠᠷ ᠲᠣᠬᠢᠷᠠᠭᠤᠯᠵᠤ᠂ ᠳᠤᠮᠳᠠᠳᠤ ᠤᠯᠤᠰ ᠯᠤᠭ᠎ᠠ ᠶᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠵᠤ᠂ ᠪᠤᠷᠤᠭᠤ | ᠮᠠᠭᠠᠳᠯᠠᠬᠤ ᠠᠴᠠ ᠵᠠᠶᠢᠯᠠᠰᠬᠢᠵᠦ᠂ ᠬᠠᠮᠲᠤᠷᠠᠯᠴᠠᠭ᠎ᠠ ᠪᠠᠨ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ | ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ | ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ᠂ ᠰᠣᠯᠣᠩᠭᠤᠰ ᠬᠤᠶᠢᠭ ᠤᠨ ᠪᠠᠶᠢᠳᠠᠯ ᠵᠡᠷᠭᠡ ᠶᠢᠨ | ᠲᠤᠬᠠᠢ ᠰᠠᠨᠠᠯ ᠢᠶᠠᠨ ᠰᠣᠯᠢᠯᠴᠠᠪᠠ᠃ | ᠬᠤᠶᠠᠷ ᠤᠯᠤᠰ ᠤᠨ ᠲᠡᠷᠢᠭᠦᠨ᠂ ᠡᠨᠡ ᠤᠳᠠᠭ᠎ᠠ ᠶᠢᠨ ᠤᠲᠠᠰᠤ ᠪᠠᠷ ᠶᠠᠷᠢᠯᠴᠠᠭᠰᠠᠨ ᠨᠢ ᠦᠨᠡᠨᠴᠢ ᠪᠥᠭᠡᠳ | ᠪᠦᠲᠦᠭᠡᠯᠴᠢ ᠴᠢᠨᠠᠷᠲᠠᠢ ᠭᠡᠵᠦ ᠦᠵᠡᠪᠡ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠬᠤᠶᠠᠷ | ᠲᠠᠯ᠎ᠠ ᠶᠢᠨ ᠠᠵᠢᠯᠯᠠᠬᠤ ᠳᠤᠭᠤᠶᠢᠯᠠᠩ ᠢᠶᠠᠷ ︽ᠰᠠᠨ ᠹᠷᠠᠨᠰᠢᠰᠺᠤ ᠶᠢᠨ ᠬᠦᠰᠡᠯ ᠪᠠᠷᠠᠯᠠᠯ︾ ᠢ ᠰᠠᠶᠢᠲᠤᠷ ᠨᠠᠶᠢᠳᠠᠪᠤᠷᠢᠵᠢᠭᠤᠯᠬᠤ ᠶᠢ | ᠬᠠᠷᠢᠭᠤᠴᠠᠭᠤᠯᠵᠤ᠂ ᠭᠠᠳᠠᠭᠠᠳᠤ ᠬᠠᠷᠢᠯᠴᠠᠭ᠎ᠠ᠂ ᠠᠵᠤ ᠠᠬᠤᠢ᠂ ᠮᠥᠩᠭᠦᠨ ᠭᠦᠢᠯᠭᠡᠭᠡᠨ᠂ ᠬᠤᠳᠠᠯᠳᠤᠭᠠᠨ ᠤ ᠶᠠᠪᠤᠳᠠᠯ ᠵᠡᠷᠭᠡ | ᠬᠦᠷᠢᠶ᠎ᠡ ᠴᠠᠷᠠᠭ᠎ᠠ ᠳᠠᠬᠢ ᠵᠥᠪᠳᠡᠯᠴᠡᠬᠦ ᠲᠣᠭᠲᠠᠴᠠ ᠵᠢᠴᠢ ᠬᠤᠶᠠᠷ ᠤᠯᠤᠰ ᠤᠨ ᠴᠡᠷᠢᠭ ᠤᠨ ᠣᠯᠣᠯᠴᠠᠭ᠎ᠠ ᠶᠢ ᠠᠬᠢᠭᠤᠯᠵᠤ᠂ | ᠬᠤᠣᠷ ᠴᠠᠭᠠᠵᠠᠯᠠᠬᠤ᠂ ᠵᠣᠬᠢᠶᠠᠮᠠᠯ ᠤᠶᠤᠨ ᠴᠢᠳᠠᠪᠤᠷᠢ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ | ᠬᠦᠷᠢᠶ᠎ᠡ ᠴᠠᠷᠠᠭ᠎ᠠ ᠳᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠴᠢᠨᠠᠭᠰᠢᠳᠠ ᠠᠷᠭ᠎ᠠ ᠬᠡᠮᠵᠢᠶ᠎ᠡ ᠠᠪᠴᠤ ᠬᠤᠶᠠᠷ | ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ | ᠲᠤᠬᠠᠢ ᠣᠯᠣᠯᠴᠠᠭ᠎ᠠ ᠪᠠᠨ ᠴᠢᠩᠭᠠᠳᠬᠠᠬᠤ ᠶᠢ ᠵᠥᠪᠰᠢᠶᠡᠷᠡᠪᠡ᠃ ᠳᠤᠮᠳᠠᠳᠤ ᠤᠯᠤᠰ ᠡᠳ᠋ ᠤᠨ ᠵᠠᠰᠠᠭ ᠤᠨ ᠶᠠᠮᠤᠨ ᠤ ᠰᠠᠶᠢᠳ | ᠶᠧᠯᠤᠨ᠂ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠤ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠲᠤ | ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ | | | | |