ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠠᠵᠢᠯ ᠤᠨ ᠵᠥᠪᠯᠡᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠠᠵᠢᠯ ᠤᠨ ᠵᠥᠪᠯᠡᠯ ᠤᠨ ᠣᠯᠠᠨ ᠵᠦᠢᠯ ᠤᠨ ᠬᠥᠬᠢᠭᠦᠯᠦᠯ ᠰᠠᠶᠢᠰᠢᠶᠠᠯ ᠢ ᠬᠦᠷᠲᠡᠪᠡ
ᠨᠡᠶᠢᠲᠡᠯᠡᠭᠰᠡᠨ ᠴᠠᠭ᠄
2024/4/30
     2024 ᠣᠨ ᠤ 4 ᠰᠠᠷ᠎ᠠ ᠶᠢᠨ 23᠎ ᠤ ᠡᠳᠦᠷ ᠠᠴᠠ 26᠎ ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠠᠵᠢᠯ ᠤᠨ ᠵᠥᠪᠯᠡᠯ ᠬᠥᠬᠡᠬᠤᠲᠠ ᠳᠤ ᠪᠥᠬᠦ ᠣᠷᠣᠨ ᠤ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠠᠵᠢᠯ ᠤᠨ ᠵᠥᠪᠯᠡᠯ ᠤᠨ ᠬᠤᠷᠠᠯ ᠵᠢᠴᠢ ︽ᠬᠤᠷᠢᠳᠤᠭᠠᠷ ᠶᠡᠭᠡ ᠬᠤᠷᠠᠯ ᠢ ᠰᠤᠷᠤᠯᠴᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠵᠦ ᠢᠷᠡᠭᠡᠳᠦᠢ ᠵᠦᠭ ᠤᠷᠤᠭᠰᠢᠯᠠᠶ᠎ᠠ︾ ᠭᠡᠬᠦ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠨᠣᠮ ᠤᠩᠰᠢᠬᠤ ᠠᠵᠢᠯᠯᠠᠭ᠎ᠠ ᠶᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ᠃ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢᠨ ᠎ ᠬᠢᠨ ᠢᠶᠠᠨ ᠬᠠᠯᠠᠮᠵᠢᠯᠠᠬᠤ ᠠᠵᠢᠯ ᠤᠨ ᠵᠥᠪᠯᠡᠯ ᠲᠣᠪᠣᠶᠢᠮ᠎ᠠ ᠠᠮᠵᠢᠯᠲᠠ ᠣᠯᠵᠤ ︽2023 ᠣᠨ ᠤ ᠥᠪᠡᠷᠲᠡᠭᠡᠨ ᠵᠠᠰᠠᠬᠤ ᠣᠷᠣᠨ ᠤ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠠᠵᠢᠯ ᠤᠨ ᠲᠡᠷᠢᠭᠦᠨ ᠤ ᠬᠠᠮᠲᠤ︾ ᠪᠠ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠨᠣᠮ ᠤᠩᠰᠢᠬᠤ ᠠᠵᠢᠯᠯᠠᠭ᠎ᠠ ᠶᠢᠨ ᠲᠡᠷᠢᠭᠦᠨ ᠤ ᠬᠠᠮᠲᠤ︾ ᠭᠡᠬᠦ ᠢᠷᠠᠭᠤ ᠠᠯᠳᠠᠷᠲᠤ ᠴᠣᠯᠠ ᠭᠥᠷᠳᠡᠵᠦ᠂ ᠴᠢᠩᠱᠠᠨ ᠲᠣᠭᠤᠷᠢᠭ ᠤᠨ 12 ᠳᠤᠮᠳᠠᠳᠤ ᠪᠠᠭ᠎ᠠ ᠰᠤᠷᠭᠠᠭᠤᠯᠢ ︽2023 ᠣᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠨᠣᠮ ᠤᠩᠰᠢᠬᠤ ᠠᠵᠢᠯᠯᠠᠭ᠎ᠠ ᠶᠢᠨ ᠲᠡᠷᠢᠭᠦᠨ ᠤ ᠬᠠᠮᠲᠤ︾᠎ ᠶᠢ ᠭᠥᠷᠳᠡᠵᠦ᠂ 14 ᠪᠠᠭᠰᠢ ︽ᠲᠡᠷᠢᠭᠦᠨ ᠤ ᠬᠤᠪᠢ ᠬᠥᠮᠥᠨ︾᠎ ᠤ ᠴᠣᠯᠠ ᠭᠥᠷᠳᠡᠵᠦ᠂ 6 ᠰᠣᠷᠣᠭᠴᠢ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠨᠣᠮ ᠤᠩᠰᠢᠬᠤ ᠠᠵᠢᠯᠯᠠᠭ᠎ᠠ ᠶᠢᠨ ᠶᠠᠷᠢᠶᠠᠨ ᠤ ᠨᠢᠭᠡᠳᠦᠭᠡᠷ᠂ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ 426 ᠰᠣᠷᠣᠭᠴᠢ ᠡᠬᠡ ᠪᠢᠴᠢᠭ ᠡᠯᠰᠡᠬᠦ ᠳᠡᠭᠡᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠵᠦ᠂ 426 ᠪᠠᠭᠰᠢ ᠰᠢᠯᠢᠳᠡᠭ ᠬᠠᠪᠰᠤᠷᠤᠨ ᠵᠢᠯᠣᠭᠤᠳᠤᠭᠴᠢ ᠶᠢᠨ ᠢᠷᠠᠭᠤ ᠠᠯᠳᠠᠷ ᠤᠨ ᠴᠣᠯᠠ ᠭᠥᠷᠳᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号