ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠡᠵᠡᠮᠰᠢᠨ ᠲᠤᠤᠱᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ | ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠭᠦᠨᠵᠡᠭᠡᠢ ᠲᠦᠯᠬᠢᠨ ᠠᠬᠢᠭᠤᠯᠬᠤ ᠶᠢᠨ ᠲᠥᠯᠥᠭᠡ | ᠶᠤᠮ᠂ 4 ᠰᠠᠷ᠎ᠠ ᠶᠢᠨ 27 ᠤ ᠡᠳᠦᠷ᠂ ᠴᠢᠩᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ | ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠰᠣᠶᠣᠯ ᠪᠡᠶ᠎ᠡ ᠲᠠᠮᠢᠷ | ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠡᠪᠯᠡᠯ ᠤᠨ ᠬᠤᠷᠢᠶ᠎ᠠ ᠲᠠᠢ ᠬᠠᠮᠲᠤᠷᠠᠨ ᠣᠯᠢᠮᠫᠢᠺ ᠤᠨ ᠴᠡᠴᠡᠷᠯᠢᠭ ᠲᠤ | ᠲᠠᠪᠤᠨ ᠰᠠᠷ᠎ᠠ ᠶᠢᠨ ᠳᠥᠷᠪᠡᠨ ᠤ ᠬᠥᠳᠡᠯᠭᠡᠭᠡᠨ ᠤ 105 ᠵᠢᠯ ᠤᠨ ᠣᠶ ᠶᠢ ᠳᠤᠷᠠᠰᠬᠠᠬᠤ ᠭᠤᠣᠯ ᠰᠡᠳᠦᠪᠲᠦ | ᠠᠵᠢᠯᠯᠠᠭ᠎ᠠ ᠵᠢᠴᠢ ᠴᠢᠩᠱᠠᠨ ᠲᠣᠭᠤᠷᠢᠭ ᠤᠨ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ | ᠡᠬᠢᠯᠡᠯᠲᠡ ᠶᠢᠨ ᠶᠣᠰᠣᠯᠠᠯ ᠢ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠬᠤᠸᠠᠩ | ᠯᠦᠩ᠂ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠭᠧ ᠮᠢᠩ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠪᠤᠭᠤᠲᠤ ᠬᠤᠲᠠ ᠶᠢᠨ ᠬᠤᠷᠢᠶ᠎ᠠ ᠶᠢᠨ ᠳᠡᠳ᠋ ᠱᠦᠵᠢ ᠵᠧᠦ ᠵᠢᠩ ᠳ᠋ᠦᠩ᠂ ᠴᠢᠩᠱᠠᠨ ᠲᠣᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠲᠤᠨᠤᠭ | ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠴᠢᠶᠠᠩ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠨᠠ᠂ ᠴᠢᠩᠱᠠᠨ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠪᠢᠨ ᠬᠤᠸᠠ᠂ ᠴᠢᠩᠱᠠᠨ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠶᠢᠩ ᠽᠢ᠂ ᠴᠢᠩᠱᠠᠨ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠵᠢᠦᠢ᠂ ᠲᠣᠭᠤᠷᠢᠭ ᠤᠨ ᠳᠡᠳ᠋ ᠳᠠᠷᠤᠭ᠎ᠠ ᠭᠤᠸ ᠵᠤ᠋ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ | ᠤᠬᠠᠮᠰᠠᠷ ᠤᠨ ᠤᠬᠠᠭᠤᠯᠭ᠎ᠠ ᠶᠢᠨ ᠵᠢᠭᠰᠠᠭᠠᠯ ᠤᠨ ᠲᠥᠷᠥᠯ ᠵᠦᠢᠯ ᠢ ᠵᠢᠩᠬᠢᠨᠢ ᠪᠠᠷ ᠨᠡᠶᠢᠲᠡᠯᠡᠵᠦ᠂ ︽ᠨᠠᠢᠮᠠ ᠶᠢ | ᠠᠬᠢᠭᠤᠯᠬᠤ︾ ᠶᠢ ᠡᠭᠦᠳᠦᠨ ᠪᠠᠶᠢᠭᠤᠯᠬᠤ ᠶᠢᠨ ᠲᠦᠷᠦᠭᠦᠯᠡᠬᠦ ᠰᠠᠯᠠᠭ᠎ᠠ ᠮᠥᠴᠢᠷ ᠤᠨ ᠲᠣᠰ ᠪᠡᠶ᠎ᠡ ᠶᠢᠨ ᠦᠢᠯᠡᠳᠦᠯ ᠢ | ᠤᠶᠠᠯᠳᠤᠭᠤᠯᠬᠤ ᠬᠦᠷᠢᠶ᠎ᠡ ᠴᠠᠷᠠᠭ᠎ᠠ ᠶᠢᠨ ᠣᠨᠴᠠᠯᠢᠭ ᠢ ᠭᠦᠢᠴᠡᠳ ᠪᠠᠳᠠᠷᠠᠭᠤᠯᠵᠤ᠂ ᠲᠤᠰᠬᠠᠢ ᠰᠡᠳᠦᠪᠲᠦ | ᠪᠣᠯᠪᠠᠰᠤᠷᠠᠭᠤᠯᠤᠯ᠂ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ᠂ ᠤᠬᠠᠭᠤᠯᠭ᠎ᠠ ᠶᠢᠨ ᠡᠯᠴᠢᠨ ᠰᠠᠶᠢᠳ ᠢ ᠤᠷᠢᠨ | ᠬᠡᠷᠡᠭᠯᠡᠬᠦ ᠤᠬᠠᠭᠤᠯᠭ᠎ᠠ᠂ ᠨᠣᠮ ᠤᠩᠰᠢᠬᠤ ᠬᠠᠮᠲᠤ ᠪᠠᠷ ᠡᠳ᠋ᠯᠡᠬᠦ ᠬᠤᠷᠠᠯ᠂ ᠰᠤᠳᠤᠯᠤᠨ ᠶᠠᠷᠢᠯᠴᠠᠵᠤ ᠰᠣᠯᠢᠯᠴᠠᠬᠤ᠂ | ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠰᠣᠩᠭᠤᠳᠠᠭ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ᠂ | ᠭᠤᠣᠯ ᠰᠡᠳᠦᠪᠲᠦ ᠠᠩᠭᠢ ᠶᠢᠨ ᠬᠤᠷᠠᠯ᠂ ᠭᠤᠣᠯ ᠰᠡᠳᠦᠪᠲᠦ ᠨᠠᠮ ᠤᠨ ᠡᠳᠦᠷ᠂ ᠰᠣᠶᠣᠯ ᠤᠨ ᠡᠭᠦᠳᠦᠯᠲᠡ ᠶᠢᠨ | ᠤᠬᠠᠭᠤᠯᠭ᠎ᠠ ᠶᠢᠨ ᠮᠠᠲ᠋ᠧᠷᠢᠶᠠᠯ ᠦᠢᠯᠡᠳᠬᠦ᠂ ᠢᠨᠲ᠋ᠧᠷ ᠰᠦᠯᠵᠢᠶᠡᠨ ᠤ ᠤᠬᠠᠭᠤᠯᠭ᠎ᠠ ᠵᠡᠷᠭᠡ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ᠂ ᠪᠥᠬᠦ ᠲᠠᠯ᠎ᠠ ᠪᠠᠷ ᠤᠬᠠᠭᠤᠯᠤᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠴᠢᠩᠱᠠᠨ ᠲᠣᠭᠤᠷᠢᠭ ᠤᠨ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠦᠨᠳᠦᠰᠦᠲᠡᠨ ᠤ ᠣᠨᠴᠠᠯᠢᠭ ᠲᠠᠢ ᠤᠯᠠᠨ ᠪᠥᠵᠢᠭ ᠤᠨ ᠲᠣᠭᠯᠠᠯᠲᠠ ᠶᠢ ᠲᠤᠭᠯᠠᠵᠤ᠂ ᠲᠤᠬᠠᠢ ᠶᠢᠨ | ᠲᠠᠯᠠᠪᠠᠢ ᠶᠢᠨ ᠠᠭᠤᠷ ᠠᠮᠢᠰᠬᠤᠯ ᠢ ᠥᠷᠨᠢᠯᠲᠡ ᠳᠤ ᠣᠷᠣᠭᠤᠯᠵᠤ᠂ ᠪᠦᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠳᠠᠭᠠᠭᠤᠯᠵᠤ ᠪᠠᠶᠢᠭᠠᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠬᠠᠮᠰᠠᠷ ᠠᠴᠠ ᠪᠠᠨ ᠪᠠᠲᠤᠳᠬᠠᠵᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠢ ᠠᠨᠠᠷ ᠤᠨ ᠦᠷ᠎ᠡ ᠰᠢᠭ | ᠨᠢᠭᠲᠠᠷᠠᠨ ᠪᠦᠯᠬᠦᠮᠳᠡᠬᠦ ᠶᠢ ᠠᠬᠢᠭᠤᠯᠪᠠ᠃ | ᠴᠢᠩᠱᠠᠨ ᠲᠣᠭᠤᠷᠢᠭ ᠤᠨ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠡ᠂ | ᠰᠤᠷᠭᠠᠭᠤᠯᠢ ᠶᠢᠨ ᠵᠠᠯᠠᠭᠤᠴᠤᠳ ᠵᠢᠴᠢ ᠨᠡᠶᠢᠭᠡᠮ ᠤᠨ ᠬᠦᠷᠢᠶᠡᠨ ᠤ ᠵᠠᠯᠠᠭᠤᠴᠤᠳ᠂ ᠦᠨᠳᠦᠰᠦᠲᠡᠨ ᠤ ᠠᠵᠢᠯ ᠤᠨ | ᠲᠤᠰᠠᠯᠠᠭᠴᠢ ᠵᠡᠷᠭᠡ 22 ᠡᠩᠨᠡᠭᠡ ᠶᠢᠨ 500 ᠬᠥᠮᠥᠨ ᠢ ︽ᠴᠢᠭᠯᠡᠯᠲᠦ ᠤᠷᠤᠯᠳᠤᠭᠠᠨ + ᠦᠨᠳᠦᠰᠦᠲᠡᠨ ᠤ | ᠲᠦᠷᠦ ᠶᠢᠨ ᠪᠣᠳᠣᠯᠭ᠎ᠠ ᠶᠢᠨ ᠪᠣᠭᠤᠮᠲᠠ ᠰᠢᠪᠲᠤᠯᠵᠤ ᠰᠡᠳᠦᠪ ᠬᠠᠷᠢᠭᠤᠯᠬᠤ︾ ᠵᠠᠭᠪᠤᠷ ᠤᠨ 3.4 ᠺᠢᠯᠤᠮᠧᠲᠷ ᠤᠨ | ᠤᠷᠳᠤ ᠵᠠᠮ ᠤᠨ ᠠᠶᠠᠨ ᠳᠠᠶᠢᠨ ᠤ ᠳᠠᠭᠤᠷᠢᠶᠠᠮᠠᠯ ᠱᠤᠭᠤᠮ ᠳᠤ ᠣᠷᠣᠯᠴᠠᠭᠤᠯᠵᠠᠢ᠃ ︽ᠬᠤᠪᠢᠰᠬᠠᠯ ᠤᠨ ᠤᠯᠠ ᠮᠥᠷ︾ | ᠢ ᠲᠠᠬᠢᠨ ᠡᠷᠭᠢᠴᠡᠭᠦᠯᠵᠦ᠂ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠤᠬᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠤᠨ᠎ᠠ᠃ | ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠶ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠮᠪᠠᠷ᠎ᠠ ᠶᠢ ᠨᠡᠶᠢᠲᠡ 10 ᠭᠠᠷᠤᠢ ᠭᠠᠷᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ | 2000 ᠭᠠᠷᠤᠢ ᠳᠡᠪᠲᠡᠷ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ ᠥᠭᠴᠦ᠂ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠯᠠᠪᠯᠠᠯᠲᠠ ᠶᠢ 70 ᠭᠠᠷᠤᠢ ᠬᠥᠮᠥᠨ ᠤᠳᠠᠭ᠎ᠠ ᠬᠠᠷᠢᠭᠤᠯᠵᠤ᠂ ᠣᠯᠠᠨ ᠶᠠᠩᠵᠤ ᠶᠢᠨ ᠬᠡᠯᠪᠡᠷᠢ ᠶᠢᠨ | ᠤᠬᠠᠭᠤᠯᠭ᠎ᠠ ᠪᠠᠷ ᠳᠠᠮᠵᠢᠭᠤᠯᠤᠨ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ | ᠰᠤᠷᠤᠯᠴᠠᠨ ᠤᠬᠠᠭᠤᠯᠵᠤ᠂ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠎ᠠ᠃ | | | | | | | | | | | | | | | | | | | |