ᠴᠢᠩᠱᠠᠨ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠬᠡᠷᠬᠢᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠳᠠᠶᠢᠯᠠᠯᠳᠤᠭᠠᠨ ᠢ ᠰᠠᠶᠢᠲᠤᠷ ᠬᠢᠬᠦ ᠪᠣᠶ
ᠨᠡᠶᠢᠲᠡᠯᠡᠭᠰᠡᠨ ᠴᠠᠭ᠄
2024/4/7
      
C:\Users\Administrator\Desktop\青山区工信和科技局副局长 黄旭霞\20240325094656691.jpg
      ᠰᠤᠷᠪᠤᠯᠵᠢᠯᠠᠭᠰᠠᠨ ᠭᠤᠣᠯ ᠰᠡᠳᠦᠪ᠄ ᠴᠢᠩᠱᠠᠨ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠬᠡᠷᠬᠢᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠳᠠᠶᠢᠯᠠᠯᠳᠤᠭᠠᠨ ᠢ ᠰᠠᠶᠢᠲᠤᠷ ᠬᠢᠬᠦ ᠪᠣᠶ       ᠰᠤᠷᠪᠤᠯᠵᠢᠯᠠᠭᠰᠠᠨ ᠴᠠᠭ᠄ 2024 ᠣᠨ ᠤ 3 ᠰᠠᠷ᠎ᠠ ᠶᠢᠨ 25 ᠡᠳᠦᠷ       ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ        ᠬᠤᠸᠠᠩ ᠰᠢᠦᠢ ᠰᠢᠶᠠ       ᠲᠣᠪᠴᠢᠯᠠᠯ᠄ ᠴᠢᠩᠱᠠᠨ ᠲᠣᠭᠤᠷᠢᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ  ᠰᠢᠪᠲᠤᠯᠬᠤ︾ ᠢᠨᠵᠧᠨᠧᠷᠢᠩ ᠢ ᠪᠦᠬᠦ ᠬᠦᠴᠦᠨ ᠢᠶᠠᠷ ᠥᠷᠨᠢᠭᠦᠯᠪᠡ᠃       【ᠬᠥᠲᠥᠯᠥᠭᠴᠢ】       ᠴᠢᠩᠱᠠᠨ ᠲᠣᠭᠤᠷᠢᠭ ᠤᠨ ᠬᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠬᠢᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ  ᠰᠢᠪᠲᠤᠯᠬᠤ︾ ᠢᠨᠵᠧᠨᠧᠷᠢᠩ︔ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠦᠯᠬᠢᠨ ᠠᠬᠢᠭᠤᠯᠬᠤ ᠳᠤᠮᠳᠠ ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ ᠬᠢᠭᠰᠡᠨ  ᠢ  ᠲᠠ ᠳᠥᠭᠦᠮᠬᠡᠨ ᠲᠠᠨᠢᠯᠴᠠᠭᠤᠯᠤᠭᠠᠷᠠᠢ︖       【ᠰᠤᠷᠪᠤᠯᠵᠢᠯᠠᠭ᠎ᠠ ᠬᠦᠯᠢᠶᠡᠭᠰᠡᠨ ᠵᠤᠪᠴᠢᠨ      ᠬᠤᠸᠠᠩ ᠰᠢᠦᠢ ᠰᠢᠶᠠ】       ᠣᠶᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠪᠠᠷ ᠭᠤᠣᠯᠳᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ︽ᠪᠦᠰᠡᠯᠡᠯᠲᠡ ᠰᠢᠪᠲᠤᠯᠬᠤ︾ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ᠠᠵᠢᠯᠯᠠᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠪᠦᠬᠦ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ‍ᠦᠨ‌‍ᠰᠢᠨ᠎ᠡ ᠶᠢ ᠡᠭᠦᠳᠬᠦ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠭᠡ ᠳᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠦᠷᠢ ᠶᠢ ᠳᠡᠭᠡᠭᠰᠢᠯᠡᠭᠦᠯᠦᠨ᠎ᠡ᠃  ᠬᠡᠪᠴᠢᠶᠡᠵᠢᠯ ᠠᠴᠠ ᠳᠡᠭᠡᠭᠰᠢ ᠠᠵᠤ ᠦᠢᠯᠡᠳᠪᠦᠷᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠲᠤᠰᠬᠠᠢ ᠠᠰᠢᠭ ᠤᠨ ︽ᠭᠤᠷᠪᠠ ᠶᠢ ᠦᠭᠡᠶᠢᠰᠬᠡᠬᠦ︾ ᠠᠵᠢᠯ ᠢ ᠭᠦᠨᠵᠡᠭᠡᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠬᠡᠪᠴᠢᠶ᠎ᠡ ᠪᠠ ᠬᠥᠭᠵᠢᠯᠲᠡ ᠶᠢᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ 100 ᠠᠵᠤ ᠠᠬᠤᠶᠢᠯᠠᠯ ᠢ ᠪᠣᠶᠢᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ︽ᠳᠥᠷᠪᠡᠨ ᠨᠢᠭᠡ︾᠎ ᠶᠢᠨ ᠬᠠᠷᠠᠯᠲᠠ ᠶᠢ ᠪᠡᠶᠡᠯᠡᠭᠦᠯᠵᠦ᠂ ᠵᠢᠯ ᠪᠦᠷᠢ ᠠᠵᠤ ᠠᠬᠤᠶᠢᠯᠠᠯ ᠢ ᠬᠠᠪᠰᠤᠷᠤᠨ ᠲᠤᠰᠬᠠᠢ ᠮᠡᠷᠭᠡᠵᠢᠯᠲᠡᠨ ᠤ ᠪᠦᠯᠬᠦᠮ ᠢ 3 ᠣᠷᠣᠭᠤᠯᠤᠨ ᠠᠪᠴᠢᠷᠠᠵᠤ᠂ ᠰᠤᠳᠤᠯᠤᠨ ᠨᠡᠭᠡᠭᠡᠬᠦ ᠪᠠᠶᠢᠭᠤᠯᠤᠮᠵᠢ ᠶᠢ 4 ᠪᠠᠶᠢᠭᠤᠯᠤᠨ᠂ ᠰᠢᠨ᠎ᠡ ᠠᠵᠤ ᠦᠢᠯᠡᠰ ᠲᠤ ᠢᠳᠡᠪᠬᠢᠲᠡᠢ ᠪᠠᠷ ᠰᠣᠩᠭᠤᠨ ᠣᠷᠣᠭᠤᠯᠬᠤ ᠶᠢᠨ ᠬᠠᠮᠲᠤ ᠰᠢᠨ᠎ᠡ ᠦᠢᠯᠡᠳᠬᠦᠨ ᠢ 10 ᠳᠤᠭᠤᠶᠢᠯᠠᠩ ᠠᠴᠠ ᠳᠡᠭᠡᠭᠰᠢ ᠨᠡᠭᠡᠭᠡᠨ ᠬᠥᠭᠵᠢᠭᠦᠯᠵᠦ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠬᠦᠴᠦᠲᠡᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠰᠢᠨ᠎ᠡ ᠶᠢ ᠡᠭᠦᠳᠬᠦ ᠲᠠᠪᠴᠠᠩ ᠤᠨ ᠴᠢᠳᠠᠪᠤᠷᠢ ᠶᠢᠨ ᠲᠠᠰ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠵᠡᠷᠭᠡ ᠶᠢ ᠰᠢᠯᠭᠠᠷᠠᠭᠤᠯᠬᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠠᠯᠳᠠᠷᠰᠢᠯ ᠢ ᠳᠡᠭᠡᠭᠰᠢᠯᠡᠭᠦᠯᠦᠨ᠂ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠤᠶᠠᠷ ᠲᠤ ᠰᠢᠨ᠎ᠡ ᠶᠢ ᠡᠭᠦᠳᠬᠦ ᠴᠢᠳᠠᠪᠤᠷᠢᠲᠠᠨ ᠢ ᠰᠢᠯᠢᠨ ᠰᠣᠩᠭᠤᠵᠤ ᠨᠥᠭᠡᠴᠡᠯᠡᠬᠦ ᠶᠢ ᠴᠢᠩᠭᠠᠳᠬᠠᠨ᠎ᠠ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠲᠥᠷᠥᠯ ᠵᠦᠢᠯ ᠢ ᠣᠶᠢᠯᠠᠭᠠᠬᠤ᠂ ᠨᠥᠭᠡᠴᠡᠯᠡᠬᠦ᠂ ᠮᠡᠳᠡᠭᠦᠯᠬᠦ ᠠᠵᠢᠯ ᠢ ᠴᠢᠩᠭᠠᠳᠬᠠᠨ᠂ ︽ᠲᠠᠯ᠎ᠠ ᠨᠤᠲᠤᠭ ᠤᠨ ᠴᠢᠳᠠᠪᠤᠷᠢᠲᠠᠨ︾ ︽ᠪᠤᠭᠤᠲᠦ ᠶᠢᠨ ᠴᠢᠳᠠᠪᠤᠷᠢᠲᠠᠨ︾᠎ ᠤ ᠠᠵᠢᠯᠯᠠᠭᠠᠨ ᠤ ᠲᠥᠯᠥᠪᠯᠡᠭᠡ ᠶᠢ ᠤᠯᠠᠮ ᠨᠢᠭᠡ ᠠᠯᠬᠤᠮ ᠠᠬᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠱᠠᠲᠤ ᠱᠠᠲᠤ ᠪᠠᠷ ᠬᠥᠮᠥᠵᠢᠭᠦᠯᠬᠦ ᠲᠣᠭᠲᠠᠴᠠ ᠶᠢ ᠪᠠᠲᠤᠳᠬᠠᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠰᠣᠩᠭᠤᠨ ᠲᠣᠮᠢᠯᠠᠬᠤ ᠠᠵᠢᠯ ᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠳᠠᠭᠠᠭᠤᠯᠤᠭᠴᠢ ᠪᠠ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠰᠣᠩᠭᠤᠨ ᠲᠣᠮᠢᠯᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ︽ᠲᠦᠭᠵᠢᠷᠡᠬᠦ ᠴᠡᠭ︾ ︽ᠬᠦᠴᠢᠷ ᠠᠰᠠᠭᠤᠳᠠᠯ︾᠎ ᠤᠨ ᠠᠰᠠᠭᠤᠳᠠᠯ ᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠪᠣᠭᠤᠮᠲᠠ ᠰᠢᠪᠲᠤᠯᠬᠤ ᠶᠢ ᠳᠡᠮᠵᠢᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠨ᠂ ᠰᠤᠳᠤᠯᠤᠨ ᠨᠡᠭᠡᠭᠡᠬᠦ ᠠᠵᠢᠯᠯᠠᠭ᠎ᠠ ᠦᠭᠡᠢ ᠠᠵᠤ ᠠᠬᠤᠶᠢᠯᠠᠯ ᠢ ᠬᠠᠪᠰᠤᠷᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠲᠦᠷᠭᠡᠬᠡᠨ ᠪᠠᠶᠢᠭᠤᠯᠤᠨ᠎ᠠ᠃ ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠳᠠᠬᠢ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠯᠬᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠵᠢᠴᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠴᠢᠭᠯᠡᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠡᠯᠡ ᠮᠥᠩᠭᠦ ᠪᠠ ᠠᠵᠢᠯᠲᠠᠨ ᠤ ᠳᠠᠪᠠᠭᠤᠯᠢᠭ ᠢ ᠬᠦᠴᠦᠯᠡᠨ ᠪᠠᠳᠠᠷᠠᠭᠤᠯᠵᠤ᠂ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠢ ᠮᠡᠷᠭᠡᠵᠢᠯ ᠤᠨ ᠪᠡᠷᠬᠡ ᠰᠡᠳᠦᠪ ᠤᠨ ᠪᠣᠭᠤᠮᠲᠠ ᠰᠢᠪᠲᠤᠯᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠲᠠᠢ ᠵᠣᠯᠭᠠᠭᠤᠯᠵᠤ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠬᠡᠷᠡᠭᠵᠢᠭᠦᠯᠦᠨ᠂ ︽ᠵᠠᠷᠯᠠᠨ ᠮᠠᠩᠯᠠᠶᠢᠯᠠᠭᠤᠯᠬᠤ︾ ᠲᠥᠷᠥᠯ ᠵᠦᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠬᠤᠭᠤᠰᠤᠨ ᠢ ᠨᠥᠬᠦᠪᠦᠷᠢᠯᠡᠬᠦ᠂ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠶᠡᠭᠡ ᠦᠷ᠎ᠡ ᠪᠦᠲᠦᠭᠡᠯ ᠢ ᠲᠦᠷᠭᠡᠳᠬᠡᠨ ᠣᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠲᠣᠭᠲᠠᠭᠠᠬᠤ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠵᠣᠬᠢᠶᠠᠨ ᠪᠠᠶᠢᠭᠤᠯᠤᠨ ᠰᠢᠯᠢᠨ ᠰᠣᠩᠭᠤᠵᠤ᠂ ᠨᠥᠭᠡᠴᠡᠯᠡᠬᠦ ᠲᠥᠷᠥᠯ ᠵᠦᠢᠯ ᠢ ᠨᠠᠷᠢᠨ ᠨᠢᠮᠪᠠᠢ ᠲᠥᠯᠥᠪᠯᠡᠨ᠂ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠪᠠᠶᠢᠭᠤᠯᠵᠤ᠂ ᠲᠦᠩ ᠵᠢᠢ ᠶᠡᠭᠡ ᠰᠤᠷᠭᠠᠭᠤᠯᠢ ᠶᠢᠨ ᠮᠡᠷᠭᠡᠵᠢᠯ ᠰᠢᠯᠵᠢᠭᠦᠯᠬᠦ ᠲᠥᠪ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠲᠤ ᠦᠢᠯᠡᠳᠪᠦᠷᠢᠯᠡᠬᠦ ᠵᠢᠭᠠᠬᠤ ᠰᠤᠳᠤᠯᠬᠤ ᠵᠢᠴᠢ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠥᠷᠨᠢᠭᠦᠯᠦᠨ᠎ᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号