ᠳ᠋ᠢᠩ ᠺᠠᠢ ᠴᠢᠩᠱᠠᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/9
      4 ᠰᠠᠷ᠎ᠠ ᠶᠢᠨ 8  ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠭᠤᠣᠯᠳᠠᠯᠭ᠎ᠠ ᠲᠠᠢ ᠲᠦᠷᠦᠯ ᠵᠦᠢᠯ ᠤᠨ ᠲᠤᠰᠬᠠᠢ ᠰᠡᠳᠦᠪᠲᠦ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ᠃ ᠬᠤᠲᠠ  ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠶᠡᠷᠦᠩᠬᠡᠢ ᠪᠠᠶᠢᠳᠠᠯ ᠢ ᠮᠡᠳᠡᠭᠳᠡᠭᠰᠡᠨ ᠪᠥᠭᠡᠳ ᠶᠠᠷᠢᠶ᠎ᠠ ᠲᠠᠯᠪᠢᠵᠠᠢ᠃ ᠬᠦᠷᠢᠶᠡᠯᠡᠩ ᠲᠣᠭᠤᠷᠢᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ 6 ᠰᠠᠯᠠᠭ᠎ᠠ ᠮᠥᠴᠢᠷ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠢ ᠶᠢᠨ ᠠᠵᠢᠯᠯᠠᠭᠠᠨ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠵᠡᠢ᠃       ᠳ᠋ᠢᠩ ᠺᠠᠢ᠂ ᠭᠤᠣᠯᠳᠠᠯᠭ᠎ᠠ ᠲᠠᠢ ᠲᠥᠷᠥᠯ ᠵᠦᠢᠯ ᠪᠣᠯ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠶᠢᠨ ᠰᠠᠭᠤᠷᠢ ᠴᠢᠯᠠᠭᠤ ᠮᠥᠨ᠂ ᠠᠵᠤ ᠠᠬᠤᠢ ᠶᠢᠨ ᠬᠥᠭᠵᠢᠯᠲᠡ ᠨᠡᠮᠡᠭᠳᠡᠯ ᠢ ᠳᠠᠶᠢᠴᠢᠯᠠᠬᠤ ᠬᠠᠮᠤᠭ ᠤᠨ ᠶᠡᠭᠡ ᠬᠥᠳᠡᠯᠭᠡᠬᠦ ᠬᠦᠴᠦᠨ ᠮᠥᠨ᠃ ᠪᠦᠬᠦ  ᠲᠤᠭᠤᠷᠢᠭ ᠢᠶᠠᠷ ᠢᠶᠠᠨ ᠣᠳᠣᠬᠠᠨ ᠤ ᠪᠠᠶᠢᠳᠠᠯ ᠢ ᠰᠡᠷᠭᠡᠭ ᠢᠶᠠᠷ ᠲᠠᠨᠢᠵᠤ᠂ ᠲᠦᠷᠦᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠲᠠᠨᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠢᠢᠳᠪᠦᠷᠢᠯᠡᠬᠦ ᠰᠡᠳᠬᠢᠬᠦᠢ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠲᠤᠰᠬᠠᠢ ᠠᠩᠭᠢ ᠪᠠᠷ ᠠᠬᠢᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠡᠩ ᠤᠯᠠᠨ ᠰᠢᠨ᠎ᠡ ᠨᠡᠮᠡᠭᠳᠡᠯ ᠤᠨ ᠴᠡᠭ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠵᠤ᠂ ᠪᠦᠬᠦ ᠬᠤᠳᠠ ᠶᠢᠨ ᠲᠡᠷᠢᠭᠦᠨ ᠳᠤ ᠣᠷᠣᠬᠤ ᠪᠠᠷ ᠴᠢᠷᠮᠠᠶᠢᠬᠤ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠬᠦᠴᠦᠨ ᠴᠢᠳᠠᠯ ᠢᠶᠠᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠳ᠋ᠢᠩ ᠺᠠᠢ᠂ ᠣᠳᠣᠬᠠᠨ ᠳᠤ ᠪᠣᠯ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠠᠭ ᠬᠤᠭᠤᠴᠠᠭ᠎ᠠ ᠮᠥᠨ᠂ ᠲᠤᠭᠤᠷᠢᠭ ᠤᠨ ᠱᠠᠲᠤᠨ ᠤ ᠤᠳᠤᠷᠢᠳᠬᠤ ᠨᠥᠬᠦᠳ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠲᠥᠷᠥᠯ ᠵᠦᠢᠯ᠂ ᠠᠵᠤ ᠠᠬᠤᠶᠢᠯᠠᠯ ᠤᠨ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠲᠦᠭᠵᠢᠷᠡᠯ ᠲᠠᠢ ᠠᠰᠠᠭᠤᠳᠠᠯ ᠪᠠ ᠲᠦᠪᠡᠭᠲᠡᠢ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠦᠷᠦᠭᠦᠯᠡᠵᠦ᠂ ᠬᠤᠰᠢᠭᠤᠴᠢ ᠪᠣᠯᠵᠤ᠂ ᠭᠠᠷ ᠭᠦᠢᠴᠡᠳᠬᠡᠯ ᠤᠨ ᠬᠠᠪᠰᠤᠷᠤᠨ ᠭᠦᠢᠴᠡᠳᠬᠡᠬᠦ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠵᠡᠷᠭᠡ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ ︽ᠬᠤᠶᠠᠷ‌ᠠᠯᠪᠠᠨ ᠭᠡᠷ︾ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ  ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠬᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠶᠢ ᠱᠠᠯᠠᠪᠳᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃       ᠲᠣᠭᠤᠷᠢᠭ ᠤᠨ ᠳᠦᠷᠪᠡᠨ ᠢᠵᠢ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号