ᠴᠠᠭᠠᠰᠤᠨ ᠬᠠᠶᠢᠴᠢᠯᠠᠮᠠᠯ ᠨᠢ ᠪᠤᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠵᠦ ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠠᠵᠤ ᠨᠢᠭᠡ ᠭᠡᠷ ᠤᠨ ᠮᠡᠲᠦ ᠲᠤᠲᠤᠨᠦ
ᠨᠡᠶᠢᠲᠡᠯᠡᠭᠰᠡᠨ ᠴᠠᠭ᠄
2024/5/10
      ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠦ᠂ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠥᠨ ᠮᠡᠲᠦ ᠳᠣᠲᠣᠨᠣ ᠠᠭᠤᠷ ᠠᠮᠢᠰᠬᠤᠯ ᠢ ᠪᠤᠶ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠰᠣᠶᠣᠯ ᠢ ᠶᠡᠬᠡᠪᠡᠷ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠤᠯᠠᠮᠵᠢᠯᠠᠯᠲᠤ ᠰᠣᠶᠣᠯ ᠤᠨ ᠬᠥᠭ ᠠᠶᠠᠰ ᠪᠠ ᠷᠢᠳᠢ ᠰᠢᠳᠢ ᠶᠢ  ᠮᠡᠳᠡᠷᠡᠭᠦᠯᠬᠦ ᠶᠢᠨ ᠲᠦᠯᠦᠭᠡ᠂ ᠣᠶᠢᠷ᠎ᠠ ᠳᠤ᠂ ᠳᠤᠯᠠᠭᠠᠨ ᠨᠡᠶᠢᠭᠡᠮ ᠲᠣᠭᠤᠷᠢᠭ ᠤᠨ ᠬᠢᠨ ︽ᠪᠠᠲᠤᠴᠠᠭᠠᠨ ᠤ ᠨᠠᠪᠴᠢ ᠶᠢᠨ ᠭᠠᠷ ᠤᠷᠠᠯᠠᠯ ᠤᠨ ᠦᠢᠯᠡᠳᠬᠡᠯ ᠤᠨ ᠭᠠᠵᠠᠷ︾ ᠤᠨ ᠪᠤᠳᠠᠰ ᠤᠨ ᠪᠤᠰᠤ ᠵᠠᠯᠭᠠᠮᠵᠢᠯᠠᠭᠴᠢ ᠬᠠᠨ ᠹᠧᠩ ᠪᠠᠭᠰᠢ ᠶᠢ ᠲᠤᠰᠬᠠᠶᠢᠯᠠᠨ ᠤᠷᠢᠵᠤ ︽ᠪᠤᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠵᠦ ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠠᠵᠤ ᠨᠢᠭᠡ ᠭᠡᠷ ᠤᠨ ᠮᠡᠲᠦ ᠲᠤᠲᠤᠨᠦ︾ ᠭᠡᠬᠦ ᠴᠠᠭᠠᠰᠤᠨ ᠬᠠᠶᠢᠴᠢᠯᠠᠮᠠᠯ ᠤᠨ ᠭᠠᠷ ᠤᠷᠠᠯᠠᠯ ᠤᠨ ᠠᠵᠢᠯᠯᠠᠭ᠎ᠠ ᠶᠢ ᠥᠷᠨᠢᠭᠦᠯᠵᠦ᠂ ᠲᠣᠰ ᠠᠵᠢᠯᠯᠠᠭ᠎ᠠ ᠳᠤ ᠴᠢᠩᠱᠠᠨ ᠵᠠᠮ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠰᠣᠷᠣᠭᠴᠢ ᠶᠢ ᠤᠷᠢᠨ ᠣᠷᠣᠯᠴᠠᠭᠤᠯᠵᠠᠢ᠃       ᠠᠵᠢᠯᠯᠠᠭ᠎ᠠ ᠶᠢᠨ ᠳᠤᠮᠳᠠ᠂ ᠪᠤᠳᠠᠰ ᠤᠨ ᠪᠤᠰᠤ ᠵᠠᠯᠭᠠᠮᠵᠢᠯᠠᠭᠴᠢ ᠪᠠᠭᠰᠢ ᠰᠤᠷᠤᠭᠴᠢᠳ ᠲᠤ ᠳᠤᠮᠳᠠᠳᠤ ᠤᠯᠤᠰ ᠤᠨ ᠴᠠᠭᠠᠰᠤᠨ ᠬᠠᠶᠢᠴᠢᠯᠠᠮᠠᠯ ᠤᠨ ᠰᠣᠶᠣᠯ ᠤᠨ ᠡᠭᠦᠰᠦᠯ ᠪᠠ ᠶᠠᠩᠵᠤ ᠬᠡᠯᠪᠡᠷᠢ ᠶᠢᠨ ᠠᠩᠭᠢᠯᠠᠯ ᠢ ᠲᠠᠨᠢᠯᠴᠠᠭᠤᠯᠵᠤ᠂ ᠬᠡᠦᠬᠡᠳ ᠤᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠤᠨᠤᠰᠴᠦ᠂ ᠴᠠᠭᠠᠰᠤᠨ ᠬᠠᠶᠢᠴᠢᠯᠠᠮᠠᠯ ᠤᠨ ᠬᠠᠭᠤᠳᠠᠰᠤ ᠨᠤᠭᠤᠳ ᠢ ᠵᠢᠷᠤᠭᠯᠠᠵᠠᠢ᠃ ᠪᠦᠲᠦᠭᠡᠯ ᠢᠶᠠᠨ ᠳᠠᠭᠤᠰᠬᠠᠭᠰᠠᠨ ᠤ ᠳᠠᠷᠠᠭ᠎ᠠ ᠣᠯᠠᠨ ᠢᠶᠠᠷ ᠢᠶᠠᠨ ᠥᠪᠡᠷ ᠤᠨ ᠪᠦᠲᠦᠭᠡᠯ ᠢᠶᠠᠨ ᠳᠡᠯᠭᠡᠨ ᠦᠵᠡᠭᠦᠯᠦᠭᠰᠡᠨ ᠪᠥᠭᠡᠳ ᠬᠠᠮᠲᠤ ᠶᠢᠨ ᠰᠡᠭᠦᠳᠡᠷ ᠲᠠᠲᠠᠪᠠ᠃       ᠳᠠᠷᠠᠭᠠᠴᠢ ᠶᠢᠨ ᠠᠯᠬᠤᠮ ᠳᠤ᠂ ᠳᠤᠯᠠᠭᠠᠨ ᠨᠡᠶᠢᠭᠡᠮ ᠲᠣᠭᠤᠷᠢᠭ ᠤᠨ ᠬᠢᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠦᠷᠭᠦᠯᠵᠢᠯᠡᠨ ᠬᠥᠲᠥᠯᠥᠨ ᠳᠠᠭᠠᠭᠤᠯᠵᠤ ᠪᠠᠶᠢᠭᠠᠳ  ᠪᠤᠳᠠᠰ ᠤᠨ ᠪᠤᠰᠤ ᠰᠣᠶᠣᠯ ᠤᠨ ᠥᠪ ᠢ ᠰᠣᠨᠢᠷᠬᠠᠵᠤ᠂ ᠪᠤᠳᠠᠰ ᠤᠨ ᠪᠤᠰᠤ ᠰᠣᠶᠣᠯ ᠤᠨ ᠥᠪ ᠢ ᠬᠠᠶᠢᠷᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠡᠳᠦᠷ ᠳᠤᠳᠤᠮ ᠤᠨ ᠠᠵᠢᠯ ᠳᠤᠮᠳᠠ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷᠡᠩᠭᠦᠢ ᠥᠷᠨᠢᠭᠦᠯᠵᠦ᠂ ᠨᠡᠶᠢᠭᠡᠮ ᠲᠣᠭᠤᠷᠢᠭ ᠲᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号