ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠦ ᠠᠵᠢᠯ ᠶᠠᠪᠤᠳᠠᠯ ᠤᠨ ᠲᠡᠮᠳᠡᠭᠯᠡᠯ ︵2024 ᠣᠨ ᠤ 2 ᠰᠠᠷ᠎ᠠ ᠶᠢᠨ 1 ᠤ ᠡᠳᠦᠷ — 2 ᠰᠠᠷ᠎ᠠ ᠶᠢᠨ 29 ᠤ ᠡᠳᠦᠷ︶
ᠨᠡᠶᠢᠲᠡᠯᠡᠭᠰᠡᠨ ᠴᠠᠭ᠄
2024/5/11
      2 ᠰᠠᠷ᠎ᠠ ᠶᠢᠨ 5 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠬᠤᠷᠠᠯ ᠤᠨ ᠬᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠤᠯᠤᠰ ᠤᠨ ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠬᠡᠮᠡᠯ ᠬᠡᠯᠪᠡᠷᠢ ᠶᠢᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠪᠠ ᠲᠥᠷᠥᠯ ᠵᠦᠢᠯ᠂ ᠪᠤᠭᠤᠲᠤ ᠶᠢᠨ ᠵᠢᠩ ᠤᠣ ︵ᠭᠤᠷᠪᠠᠳᠤᠭᠠᠷ ᠬᠤᠭᠤᠴᠠᠭ᠎ᠠ︶ 20GW ᠶᠢᠨ ᠲᠠᠲᠠᠮᠠᠯ ᠲᠠᠯᠠᠰᠲᠤ᠂ ᠬᠡᠷᠴᠢᠮᠡᠯ ᠲᠥᠷᠥᠯ ᠵᠦᠢᠯ᠂ ᠥᠪᠥᠷ ᠮᠣᠩᠭᠤᠯ ᠤᠨ ᠠᠢ ᠰᠢ ᠮᠠ ᠰᠢᠨ᠎ᠡ ᠡᠨᠧᠷᠭᠢ ᠶᠢᠨ ᠠᠵᠤ ᠦᠢᠯᠡᠳᠪᠦᠷᠢ ᠶᠢᠨ ᠬᠥᠯᠳᠡᠭᠡᠬᠦ ᠪᠠ ᠬᠥᠷᠥᠭᠡᠬᠦ ᠲᠥᠬᠦᠭᠡᠷᠦᠮᠵᠢ ᠶᠢ ᠦᠢᠯᠡᠳᠪᠦᠷᠢᠯᠡᠵᠦ ᠦᠢᠯᠡᠳᠬᠦ ᠲᠥᠷᠥᠯ ᠵᠦᠢᠯ ᠪᠠ ᠬᠤᠩ ᠶᠤᠸᠠᠨ ᠰᠢᠨ᠎ᠡ ᠮᠠᠲ᠋ᠧᠷᠢᠶᠠᠯ ᠤᠨ ᠪᠤᠭᠤᠲᠤ ᠶᠢᠨ 10GW ᠶᠢᠨ ᠲᠠᠩ ᠲᠠᠯᠠᠰᠲᠤ ᠵᠢᠴᠢ ᠢᠵᠢ ᠪᠥᠷᠢᠳᠦᠭᠰᠡᠨ ᠬᠡᠷᠴᠢᠮᠡᠯ ᠲᠥᠷᠥᠯ ᠵᠦᠢᠯ ᠳᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠶ ᠪᠠᠯᠠ ᠮᠥᠩᠭᠦ᠂ ᠬᠤᠶᠢᠲᠦ ᠲᠡᠭᠦᠷᠭᠡ ᠶᠢᠨ ᠦᠶᠡᠷ ᠢ ᠬᠠᠰᠢᠬᠤ ᠭᠤᠤ ᠶᠢᠨ ᠳᠣᠤᠷᠠᠳᠤ ᠤᠷᠤᠰᠬᠠᠯ ᠤᠨ ᠭᠤᠤᠯ ᠤᠨ ᠵᠠᠮ ᠢ ᠵᠠᠰᠠᠬᠤ ᠢᠨᠵᠧᠨᠧᠷᠢᠩ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠪᠧᠨ ᠪᠠ ᠭᠧᠤ ᠶᠢᠨ ᠠᠮᠢ ᠠᠬᠤᠶ ᠶᠢᠨ ᠴᠡᠪᠡᠷ ᠵᠢᠵᠢᠭ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠢᠨᠵᠧᠨᠧᠷᠢᠩ ᠵᠡᠷᠭᠡ ᠶᠢ ᠭᠤᠶᠤᠴᠢᠯᠠᠨ ᠮᠡᠳᠡᠭᠦᠯᠬᠦ ᠵᠡᠷᠭᠡ ᠶᠠᠪᠤᠳᠠᠯ ᠢ ᠰᠤᠳᠤᠯᠪᠠ᠃      ᠲᠤᠰ ᠡᠳᠦᠷ᠂ ᠴᠢᠩᠱᠠᠨ ᠤ ᠰᠤᠪᠢᠯᠠᠯᠲᠠ ᠶᠢᠨ ᠬᠦᠷᠢᠶᠡᠯᠡᠩ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠪᠡ᠃ ᠰᠤᠪᠢᠯᠠᠯᠲᠠ ᠶᠢᠨ ᠬᠦᠷᠢᠶᠡᠯᠡᠩ ᠨᠢ ᠴᠢᠩᠱᠠᠨ ᠲᠣᠭᠤᠷᠢᠭ ᠤᠨ ᠤᠰᠤᠲᠤ ᠵᠡᠭᠡᠯᠢ ᠭᠤᠳᠤᠮᠵᠢ ᠶᠢᠨ 202 ᠡᠮᠨᠡᠯᠭᠡ ᠶᠢᠨ ᠬᠤᠷᠢᠶ᠎ᠠ ᠳᠤ ᠪᠠᠶᠢᠷᠢᠯᠠᠵᠦ᠂ ᠨᠡᠶᠢᠲᠡ 8000 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ᠶᠡᠷᠦᠩᠬᠡᠶ ᠲᠠᠯᠠᠪᠠᠶ ᠨᠢ ᠪᠠᠷᠤᠭ 17600 ᠲᠡᠭᠰᠢ ᠳᠥᠷᠪᠡᠯᠵᠢᠨ ᠮᠧᠲᠷ ᠪᠠᠶᠢᠵᠦ᠂ ᠪᠠᠷᠢᠯᠭ᠎ᠠ ᠶᠢᠨ ᠲᠠᠯᠠᠪᠠᠶ ᠨᠢ 17204.58 ᠲᠡᠭᠰᠢ ᠳᠥᠷᠪᠡᠯᠵᠢᠨ ᠮᠧᠲᠷ᠂ 350 ᠣᠷᠣ ᠤᠷᠢᠳᠴᠢᠯᠠᠨ ᠭᠠᠷᠭᠠᠵᠤ᠂ ᠪᠤᠭᠤᠲᠤ ᠶᠢᠨ ᠰᠢᠶᠤᠤ ᠷᠦᠩ ᠹᠠᠩ ᠵᠧᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠠᠴᠠ ᠬᠠᠷᠢᠭᠤᠴᠠᠨ ᠠᠵᠢᠯᠯᠠᠨ᠎ᠠ᠃ ᠰᠤᠪᠢᠯᠠᠯᠲᠠ ᠶᠢᠨ ᠬᠦᠷᠢᠶᠡᠯᠡᠩ ᠨᠢ ︽ᠠᠯᠪᠠᠨ ᠠᠴᠠ ᠪᠠᠶᠢᠭᠤᠯᠵᠦ ᠠᠷᠠᠳ ᠠᠴᠠ ᠡᠵᠡᠩᠨᠡᠭᠰᠡᠨ︾᠂ ︽ᠰᠣᠶᠣᠯ ᠨᠠᠰᠤᠵᠢᠯ ᠤᠨ ᠠᠰᠠᠷᠠᠮᠵᠢ︾᠂ ︽ᠡᠮᠴᠢᠯᠡᠭᠡ ᠰᠤᠪᠢᠯᠠᠯᠲᠠ ᠶᠢ ᠠᠭᠤᠰᠤᠯᠴᠠᠭᠤᠯᠬᠤ︾᠂ ︽ᠠᠮᠤᠷ ᠲᠠᠶᠢᠪᠤᠩ ᠰᠤᠪᠢᠯᠠᠯᠲᠠ︾᠂ ︽ᠣᠶᠤᠨᠴᠢ ᠲᠠᠪᠴᠠᠩ︾ ᠵᠡᠷᠭᠡ ᠵᠢᠷᠭᠤᠭᠠᠨ ᠶᠡᠭᠡ ᠣᠨᠴᠠᠯᠢᠭ ᠢ ᠪᠦᠷᠢᠨ ᠲᠡᠭᠦᠯᠳᠡᠷ ᠠᠭᠤᠰᠤᠯᠴᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠤᠯᠭᠤᠪᠠ᠃      2 ᠰᠠᠷ᠎ᠠ ᠶᠢᠨ 21 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠦ᠋ᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ 2024 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ ᠲᠡᠳᠬᠦᠨ ᠬᠥᠭᠵᠢᠭᠦᠯᠬᠦ ᠲᠦᠷᠦᠯ ᠵᠦᠢᠯ ᠢ ᠲᠠᠨᠢᠯᠴᠠᠭᠤᠯᠬᠤ ᠶᠢ ᠰᠤᠳᠤᠯᠵᠤ᠂ ᠹᠦ᠋ ᠰᠢᠩ ᠶᠡᠭᠡ ᠵᠡᠭᠡᠯᠢ ᠶᠢ ᠴᠡᠭᠴᠡᠯᠡᠨ ᠵᠠᠰᠠᠬᠤ ᠲᠥᠰᠥᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号