ᠣᠶᠢᠷ᠎ᠠ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠪᠦᠯᠬᠦᠮ ᠳᠠᠭᠠᠭᠤᠯᠤᠨ | ᠹᠦᠵᠢᠶᠠᠨ ᠤ ᠰᠢᠶᠠᠮᠧᠨ᠂ ᠵᠢᠶᠠᠩᠰᠦ ᠶᠢᠨ ᠨᠠᠨᠲ᠋ᠦ᠋ᠩ ᠵᠡᠷᠭᠡ ᠭᠠᠵᠠᠷ ᠲᠤ ᠬᠦᠷᠴᠦ᠂ ᠡᠨᠧᠷᠭᠢ ᠬᠠᠳᠠᠭᠠᠯᠠᠬᠤ᠂ ᠰᠢᠨ᠎ᠡ | ᠮᠠᠲ᠋ᠧᠷᠢᠶᠠᠯ ᠵᠢᠴᠢ ᠬᠡᠷᠡᠯ ᠴᠡᠨᠡᠭ ᠤᠨ ᠢᠵᠢ ᠪᠥᠷᠢᠳᠦᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ | ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠪᠡ᠃ | ᠳ᠋ᠢᠩ ᠺᠠᠶ ᠨᠠᠷ ᠤᠷᠢᠳ ᠬᠤᠵᠢᠳ ᠰᠢᠶᠠᠮᠧᠨ ᠤ ᠬᠠᠶ ᠴᠧᠨ ᠡᠨᠧᠷᠭᠢ ᠬᠠᠳᠠᠭᠠᠯᠠᠬᠤ᠂ ᠵᠢᠶᠠᠩᠰᠦ ᠶᠢᠨ ᠢ | ᠲᠦᠩ᠂ ᠵᠢᠶᠠᠩᠰᠦ ᠴᠢᠩ ᠶᠦᠨ ᠵᠡᠷᠭᠡ ᠠᠵᠤ ᠠᠬᠤᠶᠢᠯᠠᠯ ᠢᠶᠠᠷ ᠬᠦᠷᠴᠦ᠂ ᠦᠢᠯᠡᠳᠪᠦᠷᠢᠯᠡᠯ ᠤᠨ ᠲᠠᠰᠤᠭ ᠢ ᠲᠣᠭᠤᠷᠢᠨ | ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷᠠᠯᠠᠯ᠂ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ | ᠦᠢᠯᠡᠳᠪᠦᠷᠢᠯᠡᠯ ᠤᠨ ᠴᠢᠳᠠᠪᠤᠷᠢ ᠶᠢᠨ ᠦᠢᠯᠡᠳᠬᠦᠨ ᠤ ᠥᠷᠲᠡᠭ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ | ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠠᠵᠤ ᠠᠬᠤᠶᠢᠯᠠᠯ ᠳᠤ ᠴᠢᠩᠱᠠᠨ ᠲᠣᠭᠤᠷᠢᠭ ᠤᠨ ᠡᠬᠢ ᠪᠠᠶᠠᠯᠢᠭ ᠤᠨ | ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ᠂ ᠠᠵᠤ ᠦᠢᠯᠡᠰ ᠤᠨ ᠢᠵᠢ ᠪᠥᠷᠢᠳᠦᠭᠦᠯᠦᠯ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠵᠡᠷᠭᠡ ᠲᠠᠯ᠎ᠠ ᠶᠢᠨ ᠳᠠᠪᠠᠭᠤᠯᠢᠭ ᠢ ᠲᠠᠨᠢᠯᠴᠠᠭᠤᠯᠵᠤ᠂ ᠠᠵᠤ | ᠠᠬᠤᠶᠢᠯᠠᠯ ᠲᠠᠢ ᠲᠥᠷᠥᠯ ᠵᠦᠢᠯ ᠤᠨ ᠬᠠᠮᠲᠤᠷᠠᠯᠴᠠᠭ᠎ᠠ ᠶᠢᠨ ᠲᠣᠭᠤᠷᠢᠨ ᠳᠤ ᠭᠦᠨᠵᠡᠭᠡᠶ ᠵᠥᠪᠳᠡᠯᠴᠡᠨ ᠶᠠᠷᠢᠯᠴᠠᠪᠠ᠃ | ᠳ᠋ᠢᠩ ᠺᠠᠶ᠂ ᠣᠳᠣᠬᠠᠨ ᠳᠤ ᠪᠤᠭᠤᠲᠤ ᠬᠤᠲᠠ ᠬᠤᠪᠣᠷ ᠰᠢᠷᠣᠶ᠂ ᠲᠠᠯᠠᠰᠲᠤ ᠴᠠᠬᠢᠭᠤᠷ ᠤᠨ ᠬᠡᠷᠡᠯ ᠴᠡᠨᠡᠭ ᠪᠠ | ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠵᠡᠷᠭᠡ ᠲᠤᠭ ᠲᠡᠮᠳᠡᠭ ᠬᠡᠯᠪᠡᠷᠢ ᠶᠢᠨ ᠠᠵᠤ ᠦᠢᠯᠡᠰ ᠤᠨ | ᠪᠦᠯᠦᠭᠵᠢᠯ ᠢ ᠪᠥᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠂ ᠴᠢᠩᠱᠠᠨ ᠲᠣᠭᠤᠷᠢᠭ ᠤᠨ ᠣᠶᠢᠷ᠎ᠠ ᠶᠢᠨ ᠵᠢᠯ ᠤᠨ | ᠲᠤᠷᠰᠢ ᠲᠣᠨᠤᠭ ᠲᠥᠬᠦᠭᠡᠷᠦᠮᠵᠢ ᠦᠢᠯᠡᠳᠬᠦ᠂ ᠬᠡᠷᠡᠯ ᠴᠡᠨᠡᠭ᠂ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ | ᠵᠡᠷᠭᠡ ᠣᠨᠴᠠᠯᠢᠭᠲᠤ ᠠᠵᠤ ᠦᠢᠯᠡᠰ ᠢ ᠢᠳᠡᠪᠬᠢᠲᠡᠶ ᠪᠠᠶᠢᠷᠢᠰᠢᠭᠤᠯᠤᠨ ᠬᠥᠭᠵᠢᠭᠦᠯᠵᠦ᠂ ᠠᠵᠤ ᠦᠢᠯᠡᠰ ᠤᠨ | ᠬᠡᠪᠴᠢᠶ᠎ᠡ ᠪᠠᠨ ᠲᠠᠰᠤᠷᠠᠯᠲᠠ ᠥᠬᠡᠶ ᠪᠤᠵᠠᠭᠠᠶᠢᠷᠠᠭᠤᠯᠤᠨ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠭᠠᠵᠠᠷ | ᠣᠷᠣᠨ ᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ᠂ ᠠᠵᠤ ᠦᠢᠯᠡᠰ ᠤᠨ ᠢᠵᠢ ᠪᠦᠷᠢᠳᠦᠭᠦᠯᠦᠯᠲᠡ᠂ | ᠬᠡᠷᠡᠭᠯᠡᠭᠡᠨ ᠤ ᠦᠵᠡᠭᠳᠡᠯ᠂ ᠬᠦᠴᠦᠨ ᠵᠦᠢᠯ ᠤᠨ ᠪᠠᠲᠤᠯᠠᠭ᠎ᠠ ᠵᠡᠷᠭᠡ ᠲᠠᠯ᠎ᠠ ᠶᠢᠨ ᠳᠠᠪᠠᠭᠤᠯᠢᠭ ᠢᠯᠡᠳᠲᠡ ᠪᠠᠶᠢᠵᠤ᠂ | ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠬᠠᠮᠲᠤᠷᠠᠯᠴᠠᠭᠠᠨ ᠤ ᠣᠷᠣᠨ ᠵᠠᠶ ᠥᠷᠭᠡᠨ ᠠᠭᠤᠳᠠᠮ ᠪᠠᠶᠢᠨ᠎ᠠ᠃ | ᠠᠵᠤ ᠠᠬᠤᠶᠢᠯᠠᠯᠲᠠᠳ ᠪᠤᠭᠤᠲᠤ ᠳᠤ ᠢᠷᠡᠵᠦ ᠴᠢᠩᠱᠠᠨ ᠢᠶᠠᠷ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠶᠢ | ᠪᠠᠶᠠᠷᠯᠠᠨ ᠤᠭᠲᠤᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ︽ᠪᠢ | ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠵᠤ | ᠠᠬᠤᠶᠢᠯᠠᠯᠲᠠᠨ ᠤ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠴᠢᠳᠠᠯ ᠤᠨ ᠬᠢᠷᠢ ᠪᠠᠷ ᠢᠶᠠᠨ ᠠᠵᠤ | ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠠᠵᠢᠯ ᠬᠢᠵᠦ᠂ ᠠᠵᠤ ᠠᠬᠤᠶᠢᠯᠠᠯ ᠤᠨ ᠴᠢᠩᠱᠠᠨ | ᠲᠣᠭᠤᠷᠢᠭ ᠲᠤ ᠪᠡᠯᠡ ᠣᠷᠣᠭᠤᠯᠤᠨ ᠦᠢᠯᠡᠰ ᠪᠤᠰᠬᠠᠬᠤ᠂ ᠪᠡᠯᠡ ᠮᠥᠩᠭᠦ ᠪᠠᠨ ᠨᠡᠮᠡᠭᠳᠡᠭᠦᠯᠦᠨ ᠦᠢᠯᠡᠳᠪᠦᠷᠢᠯᠡᠯ ᠢᠶᠠᠨ | ᠥᠷᠭᠡᠳᠬᠡᠬᠦ ᠳᠤ ᠦᠨᠡᠨᠬᠦ ᠲᠦᠬᠦᠮ ᠦᠢᠯᠡᠴᠢᠯᠡᠭᠡ ᠬᠠᠩᠭᠠᠵᠤ᠂ ᠪᠦᠬᠦ ᠶᠠᠪᠤᠴᠠ ᠳᠤ ᠬᠠᠮᠠᠭᠠᠯᠠᠨ᠎ᠠ ᠭᠡᠵᠦ ᠢᠯᠡᠳᠭᠡᠪᠡ᠃ | ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠢᠩᠱᠠᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ᠂ | ᠠᠵᠤ ᠦᠢᠯᠡᠰ ᠤᠨ ᠢᠵᠢ ᠪᠦᠷᠢᠳᠦᠭᠰᠡᠨ ᠰᠠᠭᠤᠷᠢ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠭᠦᠢᠴᠡᠳ | ᠮᠡᠳᠡᠷᠡᠵᠦ ᠪᠠᠶᠢᠬᠤ ᠪᠥᠭᠡᠳ ᠲᠤᠰ ᠤᠳᠠᠭ᠎ᠠ ᠶᠢᠨ ᠵᠣᠯᠭᠠᠭᠤᠯᠤᠨ ᠵᠥᠪᠳᠡᠯᠴᠡᠬᠦ ᠪᠠᠷ ᠳᠠᠮᠵᠢᠭᠤᠯᠵᠤ᠂ ᠴᠢᠩᠱᠠᠨ | ᠲᠣᠭᠤᠷᠢᠭ ᠲᠠᠬᠢ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢᠶᠠᠨ ᠴᠢᠨᠠᠭᠰᠢᠳᠠ ᠪᠠᠲᠤᠳᠬᠠᠵᠤ᠂ ᠬᠤᠶᠢᠰᠢᠳᠠ | ᠬᠠᠮᠲᠤᠷᠠᠯᠴᠠᠭᠠᠨ ᠤ ᠠᠭᠤᠯᠭ᠎ᠠ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠬᠠᠮᠲᠤᠷᠠᠯᠴᠠᠭᠠᠨ ᠤ ᠲᠦᠷᠦᠯ | ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠡᠬᠢᠯᠡᠭᠦᠯᠵᠦ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ | ᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠲᠣᠭᠤᠷᠢᠭ ᠤᠨ ᠤᠳᠤᠷᠢᠳᠤᠯᠭ᠎ᠠ ᠵᠣᠣ ᠵᠢᠶᠠᠨ ᠭᠠᠩ᠂ ᠵᠠᠩ ᠶᠢᠩ ᠵᠢᠶᠧ ᠵᠢᠴᠢ ᠬᠤᠲᠠ ᠲᠣᠭᠤᠷᠢᠭ ᠤᠨ | ᠬᠤᠶᠠᠷ ᠱᠠᠲᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ ᠲᠣᠪᠴᠢᠶ᠎ᠠ ᠶᠢᠨ ᠬᠤᠯᠪᠣᠭᠳᠠᠯ | ᠪᠥᠬᠦᠶ ᠨᠥᠬᠦᠳ ᠰᠢᠨᠵᠢᠯᠡᠨ ᠪᠠᠶᠢᠴᠠᠭᠠᠬᠤ ᠪᠠ ᠵᠥᠪᠳᠡᠯᠴᠡᠬᠦ ᠳᠤ ᠣᠷᠣᠯᠴᠠᠪᠠ᠃ | | | | | | |