ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2024/5/13
      5 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠢᠵᠦ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯᠤᠨ ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠪᠦᠷᠢᠯᠳᠦᠬᠦᠨ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠥᠪᠡᠷ ᠢᠶᠠᠨ ᠰᠤᠷᠤᠯᠴᠠᠬᠤ ᠶᠢ ᠨᠠᠷᠢᠨ ᠬᠢᠨᠠᠮᠠᠭᠠᠢ ᠥᠷᠨᠢᠭᠦᠯᠦᠭᠰᠡᠨ ᠪᠥᠭᠡᠳ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠰᠤᠳᠤᠯᠤᠨ ᠶᠠᠷᠢᠯᠴᠠᠬᠤ ᠮᠠᠲ᠋ᠧᠷᠢᠶᠠᠯ ᠢ ᠲᠤᠭᠤᠷᠪᠢᠨ ᠪᠢᠴᠢᠪᠡ᠃ ᠬᠤᠷᠠᠯ ᠳᠡᠭᠡᠷ᠎ᠡ᠂ ᠲᠣᠭᠤᠷᠢᠭ ᠤᠨ ᠤᠳᠤᠷᠢᠳᠤᠯᠭ᠎ᠠ ᠵᠠᠩ ᠴᠢᠶᠠᠩ᠂ ᠯᠢ ᠨᠠ᠂ ᠴᠢᠨ ᠸᠧᠢ᠂ ᠼᠤᠤ ᠵᠢᠤᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠦᠨᠡᠨᠴᠢ ᠢᠲᠡᠭᠡᠮᠵᠢᠲᠡᠢ ᠪᠠᠶᠢᠬᠤ ᠶᠢ ᠠᠳᠬᠤᠵᠤ᠂ ᠰᠠᠭᠤᠷᠢ ᠶᠢ ᠴᠢᠩᠭᠠᠳᠬᠠᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠲᠠᠨ ᠢ ᠰᠡᠳᠬᠢᠯ ᠬᠠᠨᠤᠮᠵᠢᠲᠠᠢ ᠪᠠᠶᠢᠯᠭᠠᠬᠤ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠰᠢᠰᠲ᠋ᠧᠮᠲᠦ ᠰᠡᠳᠬᠢᠬᠦᠢ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠶᠢ ᠠᠬᠢᠭᠤᠯᠬᠤ ᠳᠤ ᠠᠰᠢᠭᠲᠠᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠬᠠᠮᠤᠷᠴᠤ ᠪᠠᠶᠢᠭᠠᠳ ᠦᠨᠡᠨᠴᠢ ᠢᠲᠡᠭᠡᠮᠵᠢᠲᠡᠢ ᠪᠠᠶᠢᠬᠤ ᠪᠠᠶᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢᠲᠡᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢᠲᠡᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠩᠱᠠᠨ ᠲᠣᠭᠤᠷᠢᠭ ᠤᠨ ᠬᠥᠮᠥᠰ ᠤᠨ ᠦᠨᠡᠨᠴᠢ ᠢᠲᠡᠭᠡᠮᠵᠢᠲᠡᠢ᠂ ᠦᠨᠡᠨᠴᠢ ᠢᠲᠡᠭᠡᠮᠵᠢᠲᠡᠢ ᠪᠠᠶᠢᠬᠤ ᠵᠥᠪ ᠲᠠᠯ᠎ᠠ ᠶᠢᠨ ᠲᠦᠷᠢ ᠲᠥᠷᠬᠦ ᠶᠢ ᠪᠤᠢ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠰᠡᠳᠬᠢᠴᠡ ᠪᠠ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号