ᠴᠢᠩᠱᠠᠨ ᠲᠣᠭᠤᠷᠢᠭ ᠭᠤᠷᠪᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠪᠣᠯᠪᠠᠰᠤᠷᠠᠯ ᠵᠢᠴᠢ ︽ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ·ᠪᠠ ᠳ᠋ᠤᠸᠠᠨ ᠶᠢᠨ︾ ᠶᠢ ᠪᠣᠯᠪᠠᠰᠤᠷᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/14
      ᠴᠢᠩᠱᠠᠨ ᠲᠣᠭᠤᠷᠢᠭ ᠤᠨ ᠺᠠᠳ᠋ᠷ ᠠᠵᠢᠯᠲᠠᠨ ᠠᠵᠢᠯᠴᠢᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 5 ᠰᠠᠷ᠎ᠠ ᠶᠢᠨ 13 ᠤ ᠡᠳᠦᠷ᠂ ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ 2024 ᠣᠨ ᠤ ᠴᠢᠩᠱᠠᠨ ᠲᠣᠭᠤᠷᠢᠭ ᠤᠨ ᠭᠤᠷᠪᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠪᠣᠯᠪᠠᠰᠤᠷᠠᠯ ᠤᠨ ᠠᠩᠭᠢ ︵ᠬᠤᠶᠠᠳᠤᠭᠠᠷ ᠬᠤᠭᠤᠴᠠᠭ᠎ᠠ︶ — ︽ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ · ᠪᠠ ᠳ᠋ᠤᠸᠠᠨ ᠶᠢᠨ︾ ᠤᠨ ᠪᠣᠯᠪᠠᠰᠤᠷᠠᠯ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠨᠢ ᠪᠥᠬᠦ ᠲᠤᠭᠤᠷᠢᠭ ᠤᠨ ᠡᠯ᠎ᠡ ᠠᠵᠢᠯ ᠦᠢᠯᠡᠰ ᠤᠨ ᠨᠢᠭᠡᠴᠡ ᠶᠢᠨ 80 ᠭᠠᠷᠤᠶ ᠪᠡᠶ᠎ᠡ ᠴᠢᠭᠢᠷᠠᠭᠵᠢᠭᠤᠯᠬᠤ ᠳᠤᠷᠠᠲᠠᠶ ᠬᠥᠮᠦᠰ ᠤᠨ ᠠᠩᠬᠠᠷᠤᠯ ᠢ ᠲᠠᠲᠠᠵᠤ᠂ ᠪᠠ ᠳ᠋ᠤᠸᠠᠨ ᠶᠢᠨ ᠪᠡᠶ᠎ᠡ ᠰᠡᠳᠬᠢᠯ ᠤᠨ ᠪᠠᠶᠠᠷ ᠪᠠᠭ᠋ᠠᠳᠤᠯ ᠪᠠ ᠡᠷᠡᠭᠦᠯ ᠮᠡᠨᠳᠦ ᠶᠢᠨ ᠦᠷ᠎ᠡ ᠠᠰᠢᠭ ᠢ ᠬᠠᠮᠲᠤ ᠪᠠᠷ ᠮᠡᠳᠡᠷᠡᠭᠦᠯᠪᠡ᠃      ᠪᠠ ᠳ᠋ᠤᠸᠠᠨ ᠶᠢᠨ ᠬᠢᠲᠠᠳ ᠡᠮ ᠡᠮᠨᠡᠯᠭᠡ ᠶᠢᠨ ᠰᠣᠶᠣᠯ ᠢ ᠠᠴᠢᠶᠠᠯᠠᠵᠤ ᠪᠠᠶᠢᠭ᠎ᠠ ᠪᠡᠶ᠎ᠡ ᠴᠢᠭᠢᠷᠠᠭᠵᠢᠭᠤᠯᠬᠤ ᠡᠷᠳᠡᠮ ᠴᠢᠳᠠᠪᠤᠷᠢ ᠪᠣᠯᠤᠭᠰᠠᠨ ᠤ ᠬᠤᠪᠢ ᠳᠤ᠂ ᠶᠠᠰᠤ ᠤᠶᠠᠨ ᠵᠥᠭᠡᠯᠡᠨ᠂ ᠲᠠᠮᠢᠷ ᠲᠡᠩᠬᠡᠭᠡ ᠲᠠᠢ᠂ ᠤᠶᠠᠨ ᠬᠠᠳᠠᠨ ᠵᠠᠩ ᠴᠢᠨᠠᠷ ᠲᠠᠢ ᠪᠠᠶᠢᠵᠤ᠂ ᠬᠢᠲᠠᠳ ᠡᠮ ᠡᠮᠨᠡᠯᠭᠡ ᠶᠢᠨ ᠦᠨᠳᠦᠰᠦᠨ ᠱᠠᠲᠤ ᠲᠡᠶᠢᠰᠢ ᠤᠷᠤᠭᠰᠢᠯᠠᠬᠤ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠪᠠᠶᠢᠵᠤ᠂ ᠲᠡᠭᠦᠨ ᠤ ᠥᠪᠡᠷᠮᠢᠴᠡ ᠬᠡᠯᠪᠡᠷᠢ ᠮᠠᠶ᠋ᠢᠭ ᠪᠠ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠢᠶᠠᠷ ᠥᠷᠭᠡᠨ ᠣᠯᠠᠨ ᠲᠦᠮᠡᠨ ᠤ ᠪᠠᠭ᠋ᠠᠷᠬᠠᠯ ᠢ ᠶᠡᠬᠡᠳᠡ ᠣᠯᠤᠭᠰᠠᠨ ᠪᠠᠶᠢᠨ᠎ᠠ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠴᠢᠤᠸᠠᠨ ᠵᠧᠨ ᠯᠦᠩ ᠮᠧᠨ ᠢ ᠴᠦᠨ ᠶᠠᠩ ᠮᠧᠨ ᠤ 24 ᠳ᠋ᠦ᠋ᠭᠡᠷ ᠦᠶ᠎ᠡ ᠶᠢᠨ ᠤᠯᠠᠮᠵᠢᠯᠠᠭᠴᠢ ᠱᠧᠨ   ᠿᠦᠢ ᠰᠢᠤᠸᠠᠨ ᠢ ᠤᠷᠢᠵᠤ ᠬᠢᠴᠢᠶᠡᠯ ᠣᠷᠣᠭᠤᠯᠵᠤ᠂ ᠰᠤᠷᠤᠭᠴᠢᠳ ᠲᠤ ᠪᠠ ᠳ᠋ᠤᠸᠠᠨ ᠶᠢᠨ ᠲᠡᠤᠬᠡ ᠶᠢᠨ ᠡᠬᠢ ᠰᠤᠷᠪᠤᠯᠵᠢ᠂ ᠦᠨᠳᠦᠰᠦᠨ ᠴᠢᠳᠠᠪᠤᠷᠢ ᠶᠢᠨ ᠠᠷᠭ᠎ᠠ ᠪᠠ ᠡᠯᠰᠡᠯᠲᠡ ᠶᠢᠨ ᠮᠠᠶ᠋ᠢᠭ ᠤᠨ ᠴᠢᠬᠤᠯᠠ ᠵᠦᠢᠯ ᠢ ᠨᠠᠷᠢᠨ ᠲᠠᠶᠢᠯᠪᠤᠷᠢᠯᠠᠪᠠ᠃ ᠰᠤᠷᠭᠠᠭᠴᠢ ᠶᠢᠨ ᠲᠡᠰᠪᠦᠷᠢ ᠲᠡᠪᠴᠢᠶᠡᠷᠢ ᠳᠣᠣᠷ᠎ᠠ ᠰᠤᠷᠤᠭᠴᠢᠳ ᠨᠠᠷᠢᠨ ᠬᠢᠨᠠᠮᠠᠭᠠᠢ ᠰᠤᠷᠤᠯᠴᠠᠵᠤ᠂ ᠢᠳᠡᠪᠬᠢᠲᠡᠢ ᠪᠣᠯᠪᠠᠰᠤᠷᠠᠵᠤ᠂ ᠪᠠ ᠳ᠋ᠤᠸᠠᠨ ᠶᠢᠨ ᠭᠤᠣᠯ ᠴᠢᠮᠥᠭᠡ ᠶᠢ ᠠᠭᠠᠵᠢᠮ ᠢᠶᠠᠷ ᠡᠵᠡᠮᠰᠢᠵᠡᠢ᠃      ᠣᠳᠣᠬᠠᠨ ᠳᠤ᠂ ᠴᠢᠩᠱᠠᠨ ᠲᠣᠭᠤᠷᠢᠭ ᠲᠤ ᠣᠳᠣ ᠪᠠᠶᠢᠭ᠎ᠠ ᠡᠯ᠎ᠡ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠮᠢᠩᠭ᠎ᠠ ᠨᠠᠢᠮᠠᠨ ᠵᠠᠭᠤ ᠭᠠᠷᠤᠶ ᠬᠥᠮᠦᠨ ᠪᠠᠶᠢᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠬᠦ ᠭᠤᠤᠯ ᠬᠦᠴᠦᠨ ᠮᠥᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠳᠡᠯᠭᠡᠷᠡᠭᠦᠯᠬᠦ᠂ ᠪᠡᠶ᠎ᠡ ᠴᠢᠭᠢᠷᠠᠭᠵᠢᠭᠤᠯᠬᠤ ᠶᠢ ᠤᠬᠠᠭᠠᠤᠯᠤᠨ ᠵᠢᠯᠣᠭᠤᠳᠬᠤ᠂ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡ᠂ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠵᠡᠷᠭᠡ ᠲᠠᠯ᠎ᠠ ᠶᠢᠨ ᠦᠢᠯᠡᠳᠦᠯ ᠡᠳᠦᠷ ᠢᠷᠡᠬᠦᠶ᠎ᠡ ᠲᠤᠪᠤᠶᠢᠮ᠎ᠠ ᠪᠣᠯᠵᠤ ᠪᠠᠶᠢᠨ᠎ᠠ᠂ ᠲᠤᠰ ᠤᠳᠠᠭᠠᠨ ᠤ ᠪᠣᠯᠪᠠᠰᠤᠷᠠᠯ ᠤᠨ ᠠᠩᠭᠢ ᠨᠢ ᠮᠠᠨ ᠤ  ᠲᠤᠭᠤᠷᠢᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠬᠤ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤᠮᠳᠠᠬᠢ ᠦᠢᠯᠡᠳᠦᠯ ᠢ ᠪᠠᠳᠠᠷᠠᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠲᠦᠢᠯ ᠤᠨ ᠶᠡᠭᠡ ᠦᠢᠯᠡᠳᠦᠯ ᠲᠠᠢ ᠶᠤᠮ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号