ᠴᠢᠩᠱᠠᠨ ᠲᠣᠭᠤᠷᠢᠭ ᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/5/15
      ᠡᠨᠡ ᠵᠢᠯ ᠠᠴᠠ ᠨᠠᠭᠠᠰᠢ᠂ ᠪᠥᠬᠦ ᠲᠤᠭᠤᠷᠢᠭ ᠤᠨ ᠲᠥᠷᠥ ᠶᠢᠨ ᠪᠣᠳᠣᠯᠭ᠎ᠠ ᠦᠷᠭᠦᠯᠵᠢᠯᠡᠨ ᠬᠦᠴᠦᠯᠡᠬᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠦᠷᠭᠡᠨ ᠳᠡᠭᠡᠭᠰᠢᠯᠡᠬᠦ ᠵᠡᠷᠭᠡ ᠠᠵᠠ ᠲᠣᠬᠢᠶᠠᠯ ᠲᠦᠷᠭᠡᠨ ᠪᠣᠯᠵᠣ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠨ ᠪᠤᠵᠠᠭᠠᠢᠢᠷᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠣᠳᠣᠬᠠᠨ ᠪᠣᠯᠲᠠᠯ᠎ᠠ᠂ ᠲᠤᠭᠤᠷᠢᠭ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠡ 1.8 ᠲᠦᠮᠡ ᠪᠠᠶᠢᠵᠤ᠂ ᠪᠦᠬᠦ ᠬᠠᠤᠯᠢ ᠶᠢᠨ ᠡᠷᠬᠡᠲᠡᠨ ᠤ ᠨᠢᠭᠡᠴᠡ ᠶᠢᠨ 98.8%᠎ ᠶᠢ ᠡᠵᠡᠯᠡᠵᠦ ᠪᠤᠶ᠃ ᠡᠭᠦᠨ ᠳᠤ ᠰᠢᠨ᠎ᠡ ᠪᠠᠷ ᠳᠠᠩᠰᠠᠯᠠᠭᠤᠯᠤᠭᠰᠠᠨ ᠠᠷᠠᠳ ᠤᠨ ᠡᠵᠡᠩᠨᠡᠭᠰᠡᠨ ᠬᠠᠤᠯᠢ ᠶᠢᠨ ᠡᠷᠬᠡᠲᠡᠨ ᠤ ᠨᠢᠭᠡᠴᠡ 863 ᠪᠠᠶᠢᠨ᠎ᠠ᠃ ᠨᠢᠭᠡᠳᠦᠭᠡᠷ ᠤᠯᠠᠷᠢᠯ ᠳᠤ᠂ ᠮᠠᠨ ᠤ ᠲᠣᠭᠤᠷᠢᠭ ᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.1%᠎ ᠪᠠᠷ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 11 ᠵᠠᠭᠤᠨ ᠤ ᠴᠡᠭ ᠲᠦᠷᠭᠡᠨ ᠨᠡᠮᠡᠭᠳᠡᠵᠦ᠂ ᠨᠡᠯᠢᠶᠡᠳ ᠲᠦᠷᠭᠡᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号