ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︽ᠪᠥᠬᠦ ᠤᠯᠤᠰ ᠤᠨ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠰᠢᠶᠠᠨ ︵ᠲᠣᠭᠤᠷᠢᠭ︶ ᠢ ᠡᠭᠦᠳᠦᠨ | ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠴᠢᠩᠱᠠᠨ ᠲᠣᠭᠤᠷᠢᠭ ᠤᠨ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠴᠢᠩᠱᠠᠨ ᠵᠠᠰᠠᠭ ᠲᠠᠷᠬᠠᠭᠠᠭᠰᠠᠨ ︹2024︺ 12 ᠳ᠋ᠤᠭᠠᠷ ᠲᠣᠭᠠᠲᠤ | ᠲᠤᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ᠄ | ᠲᠤᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠪᠦᠬᠦ ᠤᠯᠤᠰ ᠤᠨ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠰᠢᠶᠠᠨ | ︵ᠲᠣᠭᠤᠷᠢᠭ︶ ᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠴᠢᠩᠱᠠᠨ | ᠲᠣᠭᠤᠷᠢᠭ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2024 ᠣᠨ ᠤ 4 ᠰᠠᠷ᠎ᠠ ᠶᠢᠨ 16 ᠤ ᠡᠳᠦᠷ | | ᠪᠦᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ | ᠬᠠᠷᠠᠭᠠᠯᠵᠠᠯ ᠤᠨ ᠰᠢᠶᠠᠨ ︵ᠲᠣᠭᠤᠷᠢᠭ︶ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ | ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠵᠢᠷᠤᠮᠵᠢᠭᠤᠯᠤᠨ ᠬᠥᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︽︿ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠵᠦ ᠲᠦᠭᠡᠮᠡᠯ ᠬᠠᠷᠠᠭᠠᠯᠵᠠᠯ ᠢ ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠬᠦ ᠠᠷᠭ᠎ᠠ﹀ | ᠶᠢ ᠳᠠᠷᠤᠮᠠᠯᠯᠠᠨ ᠶᠠᠪᠤᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ︵ᠰᠤᠷᠭᠠᠨ ᠬᠥᠮᠦᠵᠢᠯ | ᠱᠠᠯᠠᠪᠳᠠᠭᠤᠯᠤᠨ ᠵᠢᠯᠣᠭᠤᠳᠬᠤ ﹇2020﹈ 1 ᠳ᠋ᠤᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠢ ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ︾ | ︵ᠥᠪᠥᠷ ᠰᠤᠷᠭᠠᠨ ᠬᠥᠮᠦᠵᠢᠯ ᠱᠠᠯᠠᠪᠳᠠᠭᠤᠯᠤᠨ ᠵᠢᠯᠣᠭᠤᠳᠬᠤ ᠵᠠᠬᠢᠳᠠᠯ ﹇2020﹈ 3 ᠳ᠋ᠤᠭᠠᠷ ᠲᠣᠭᠠᠲᠤ︶ ᠵᠢᠴᠢ | ︽ᠪᠤᠭᠤᠲᠤ ᠬᠤᠲᠠ ᠶᠢᠨ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠢ ᠱᠠᠯᠠᠪᠳᠠᠭᠤᠯᠤᠨ ᠵᠢᠯᠣᠭᠤᠳᠴᠤ ᠦᠨᠡᠯᠡᠨ ᠵᠢᠱᠢᠬᠦ ᠬᠡᠷᠡᠭᠵᠢᠭᠦᠯᠬᠦ | ᠲᠥᠰᠦᠯ︾ ︵ᠪᠤᠭᠤᠲᠤ ᠰᠤᠷᠭᠠᠨ ᠬᠦᠮᠦᠵᠢᠯ ᠱᠠᠯᠠᠪᠳᠠᠭᠤᠯᠤᠨ ᠵᠢᠯᠣᠭᠤᠳᠬᠤ ᠠᠯᠪᠠᠨ ᠭᠡᠷ ﹇2020﹈ 3 ᠳ᠋ᠤᠭᠠᠷ | ᠲᠣᠭᠠᠲᠤ︶ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠦᠷᠢᠵᠢᠭᠤᠯᠵᠦ᠂ ᠮᠠᠨ ᠤ ᠲᠤᠭᠤᠷᠢᠭ ᠤᠨ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠭᠦᠯᠬᠦ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠬᠤ ᠶᠢᠨ ᠲᠦᠯᠦᠭᠡ᠂ ᠣᠨᠴᠠᠭᠠᠶᠢᠯᠠᠨ ᠲᠣᠰ ᠬᠡᠷᠡᠭᠵᠢᠭᠦᠯᠬᠦ | ᠲᠥᠰᠦᠯ ᠢ ᠲᠣᠭᠲᠠᠭᠠᠪᠠ᠃ | | ᠨᠢᠭᠡ᠂ ᠶᠡᠷᠦᠩᠬᠡᠢ ᠱᠠᠭᠠᠷᠳᠠᠯᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠮ᠎ᠡ ᠶᠣᠰᠣ ᠶᠢ | ᠵᠢᠷᠤᠮᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠬᠡᠦᠬᠡᠳ ᠤᠨ | ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠬᠡᠦᠬᠡᠳ ᠢ ᠰᠢᠯᠢᠳᠡᠭ ᠪᠤᠶᠢᠵᠢᠭᠤᠯᠬᠤ ᠤᠯᠠᠨ ᠲᠦᠮᠡᠨ ᠤ ᠬᠦᠰᠡᠯ | ᠡᠷᠡᠮᠡᠯᠵᠡᠯ ᠢ ᠨᠡᠩ ᠰᠠᠶᠢᠲᠤᠷ ᠪᠡᠶᠡᠯᠡᠭᠦᠯᠦᠨ᠎ᠡ᠃ | | ᠬᠤᠶᠠᠷ᠂ ᠠᠵᠢᠯ ᠤᠨ ᠬᠠᠷᠠᠯᠲᠠ | | | ᠬᠤᠲᠠ ᠬᠥᠳᠡᠭᠡ ᠶᠢ ᠬᠠᠮᠤᠷᠤᠭᠰᠠᠨ᠂ ᠲᠡᠩᠴᠡᠭᠦᠷᠢᠲᠡᠶ ᠬᠥᠭᠵᠢᠭᠦᠯᠦᠭᠰᠡᠨ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠵᠤ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ | ᠨᠡᠮᠡᠭᠳᠡᠭᠦᠯᠦᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠨᠣᠷᠮ᠎ᠠ ᠶᠢ | ᠳᠡᠭᠡᠭᠰᠢᠯᠡᠭᠦᠯᠦᠨ᠎ᠡ᠃ 2024 ᠣᠨ ᠳᠤ᠂ ᠪᠥᠬᠦ ᠲᠤᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠭᠤᠷᠪᠠᠨ ᠵᠢᠯ ᠳᠤ ᠬᠡᠦᠬᠡᠳ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ ᠶᠢ 100% ᠳᠤ | ᠬᠦᠷᠦᠭᠦᠯᠵᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠡᠵᠡᠯᠡᠬᠦ ᠬᠠᠷᠢᠴᠠᠯ ᠢ | 50% ᠳᠤ ᠬᠦᠷᠦᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ | ᠨᠣᠷᠮ᠎ᠠ ᠶᠢ 90% ᠳᠤ ᠬᠦᠷᠦᠭᠦᠯᠦᠨ᠎ᠡ᠃ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠵᠦ᠂ | ᠰᠤᠷᠭᠠᠨ ᠬᠥᠮᠦᠵᠢᠯ ᠤᠨ ᠶᠠᠮᠤᠨ ᠤ ︽ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾ ᠶᠢᠨ | ᠶᠣᠰᠣᠭᠠᠷ᠂ 2024 ᠣᠨ ᠳᠤ ᠲᠣᠰ ᠲᠣᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠪᠡᠶᠡᠯᠡᠭᠦᠯᠬᠦ ᠶᠢᠨ ᠬᠠᠮᠲᠤ | ᠤᠯᠤᠰ ᠤᠨ ᠮᠠᠭᠠᠳᠯᠠᠨ ᠲᠣᠭᠲᠠᠭᠠᠯᠲᠠ ᠶᠢ ᠪᠠᠲᠤᠯᠠᠨ᠎ᠠ᠃ | | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ | ᠬᠠᠷᠠᠭᠠᠯᠵᠠᠯ ᠤᠨ ᠣᠷᠣᠨ ᠢ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠦᠭᠦᠯᠬᠦ ᠠᠵᠢᠯ ᠢ ᠲᠦᠯᠬᠢᠨ ᠠᠬᠢᠭᠤᠯᠬᠤ ᠨᠢ | ᠲᠤᠭᠤᠷᠢᠭ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠴᠢᠬᠤᠯᠠ ᠡᠭᠦᠷᠭᠡ ᠪᠣᠯᠤᠭᠰᠠᠨ ᠤ ᠬᠤᠪᠢ ᠳᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ | ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠲᠤᠭᠤᠷᠢᠭ ᠤᠨ ᠵᠠᠰᠠᠭ ᠤᠨ | ᠣᠷᠳᠣᠨ ᠠᠴᠠ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ | ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠭᠡᠬᠦ ᠠᠵᠢᠯ ᠢ ᠰᠠᠶᠢᠲᠤᠷ ᠠᠳᠬᠤᠨ᠎ᠠ᠃ | ᠳᠤᠭᠤᠶᠢᠯᠠᠩ ᠤᠨ ᠳᠠᠷᠤᠭ᠎ᠠ᠄ ᠯᠢ ᠶᠦᠩ ᠭᠠᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠦ᠋ ᠱᠧᠩ ᠴᠢᠶᠠᠩ ᠲᠤᠭᠤᠷᠢᠭ ᠤᠨ ᠰᠤᠷᠭᠠᠨ ᠬᠥᠮᠦᠵᠢᠯ ᠤᠨ | ᠲᠣᠪᠴᠢᠶᠠᠨ ᠤ ᠳᠠᠷᠤᠭ᠎ᠠ | ᠯᠢ ᠰᠢᠤ ᠯᠢᠩ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠱᠠᠯᠠᠪᠳᠠᠭᠤᠯᠤᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ | ᠯᠢ ᠫᠠᠨ ᠫᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠰᠠᠯᠠᠭᠠᠨ ᠲᠡᠰ ᠤᠨ | ᠺᠠᠳ᠋ᠷ | ᠪᠦᠷᠢᠯᠳᠦᠭᠦᠨ᠄ ᠱᠢ ᠸᠧᠨ ᠾᠦᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠳᠡᠳ᠋ ᠳᠠᠷᠤᠭ᠎ᠠ | ᠰᠢᠤᠢ ᠰᠢᠶᠤᠤ ᠶᠢᠩ ᠲᠤᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠪᠠᠶᠢᠩᠭᠤ ᠶᠢᠨ ᠲᠡᠳ᠋ | ᠲᠠᠷᠤᠭ᠎ᠠ | ᠭᠤᠸᠠᠩ ᠯᠢᠶᠠᠨ ᠬᠤᠸᠠ ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠣᠭᠠᠨ ᠤ ᠵᠥᠪᠯᠡᠯ ᠤᠨ | ᠠᠯᠪᠠᠨ ᠭᠡᠷ ᠤᠨ ᠡᠷᠬᠢᠯᠡᠭᠴᠢ | ᠵᠢᠶᠠ ᠰᠢᠶᠠᠩ ᠳ᠋ᠦᠩ ᠲᠤᠭᠤᠷᠢᠭ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ | ᠡᠷᠬᠢᠯᠡᠭᠴᠢ | ᠮᠢᠶᠣᠣ ᠴᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠯᠢ ᠶᠠ ᠫᠢᠩ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶᠠᠨ ᠤ ᠳᠠᠷᠤᠭ᠎ᠠ | ᠰᠦᠨ ᠪᠢᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠠᠷᠤᠭ᠎ᠠ | ᠳ᠋ᠠᠢ ᠶᠢᠩ ᠴᠢᠶᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠵᠧᠩ ᠾᠧ ᠫᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠶᠦᠨ ᠺᠦᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠬᠤᠤ ᠶᠦᠩ ᠸᠠᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠦ᠋ ᠵᠢᠶᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ | ᠯᠢ ᠸᠧᠨ ᠳ᠋ᠠ ᠬᠦᠴᠦᠷᠬᠡᠭᠵᠢᠯ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ | ᠲᠡᠳ᠋ ᠱᠦᠵᠢ᠂ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠹᠧᠩ ᠸᠧᠨ ᠨᠠ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠪᠥᠭᠡᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠬᠡᠷᠡᠭ | ᠡᠷᠬᠢᠯᠡᠬᠦ ᠭᠠᠵᠠᠷ ᠤᠨ ᠡᠷᠬᠢᠯᠡᠭᠴᠢ | ᠭᠦᠸᠧ ᠶᠤᠸᠠᠢ ᠴᠢᠯᠥᠭᠡᠲᠦ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠪᠥᠭᠡᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠡᠷᠬᠢᠯᠡᠭᠴᠢ | ᠵᠠᠩ ᠢᠦᠢ ᠮᠦᠩᠬᠡᠵᠢᠯ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ | ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ | ᠵᠠᠩ ᠪᠢᠨ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠵᠦᠪᠯᠡᠯ ᠤᠨ | ᠳᠡᠳ᠋ ᠱᠦᠵᠢ | ᠸᠠᠩ ᠳ᠋ᠦᠩ ᠪᠥᠸᠧ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠪᠥᠭᠡᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ | ᠳ᠋ᠤᠸᠠᠨ ᠯᠢ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠪᠥᠭᠡᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ | ᠼᠦᠢ ᠱᠧᠩ ᠴᠢ ᠤᠰᠤᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ | ᠪᠥᠭᠡᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ | ᠴᠧᠨ ᠶᠦᠩ ᠯᠢᠶᠠᠩ ᠴᠢᠩ ᠹᠦ᠋ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠥᠭᠡᠳ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ | ᠸᠠᠩ ᠢ ᠰᠢᠩ ᠱᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠥᠭᠡᠳ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ | ᠸᠠᠩ ᠿᠦᠢ ᠹᠧᠩ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶᠠᠨ ᠤ ᠳᠡᠳ᠋ ᠳᠠᠷᠤᠭ᠎ᠠ | ᠮᠠ ᠵᠢᠶᠦ᠋ᠨ ᠴᠢᠩ ᠴᠢᠩᠱᠠᠠ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ | ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠤᠬᠢᠷᠠᠭᠤᠯᠵᠦ᠂ ᠠᠯᠪᠠᠨ ᠭᠡᠷ ᠢ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ ᠳᠤ ᠲᠤᠬᠢᠷᠠᠭᠤᠯᠵᠦ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠦ᠋ ᠱᠧᠩ | ᠴᠢᠶᠠᠩ ᠨᠥᠬᠦᠷ ᠬᠠᠪᠰᠤᠷᠭᠠᠨ ᠡᠭᠦᠷᠭᠡᠯᠡᠵᠦ᠂ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ | | ᠳᠥᠷᠪᠡ᠂ ᠠᠵᠢᠯ ᠤᠨ ᠡᠭᠦᠷᠭᠡ | | | ︵ᠨᠢᠭᠡ︶ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠵᠤ᠂ ᠬᠡᠦᠬᠡᠳ ᠤᠨ ᠴᠡᠴᠡᠷᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠠᠵᠢᠯ ᠢ ᠨᠡᠶᠢᠳᠡᠮ | ᠪᠦᠷᠬᠦᠭᠦᠯᠬᠦ ᠶᠢ ᠪᠡᠶᠡᠯᠡᠭᠦᠯᠦᠨ᠎ᠡ᠃ ᠬᠡᠦᠬᠡᠳ ᠤᠨ ᠴᠡᠴᠡᠷᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠰᠤᠳᠤᠯᠤᠨ ᠵᠢᠯᠣᠭᠤᠳᠴᠤ᠂ ᠨᠠᠮ ᠤᠨ ᠠᠵᠢᠯ ᠤᠨ ᠲᠦᠷᠢᠮ᠂ ᠨᠠᠮ ᠤᠨ ᠳᠣᠲᠣᠭᠠᠳᠤ ᠶᠢᠨ | ᠠᠮᠢᠳᠤᠷᠠᠯ ᠤᠨ ᠲᠦᠷᠢᠮ ᠢ ᠴᠢᠩᠭᠠᠳᠬᠠᠬᠤ ᠲᠣᠭᠲᠠᠭᠠᠯ ᠪᠠ ᠰᠠᠨᠠᠯ ᠢ ᠲᠣᠭᠲᠠᠭᠠᠨ᠎ᠠ︔ ᠪᠦᠬᠦ ᠲᠤᠭᠤᠷᠢᠭ ᠤᠨ | ᠬᠡᠦᠬᠡᠳ ᠤᠨ ᠴᠡᠴᠡᠷᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠵᠢᠴᠢ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠵᠢᠯᠣᠭᠤᠳᠤᠨ᠎ᠠ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶᠃ | ︵ᠬᠤᠶᠠᠷ︶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠬᠦᠭᠵᠢᠭᠦᠯᠬᠦ | ᠪᠠᠶᠢᠷᠢᠯᠠᠭᠤᠯᠤᠯᠲᠠ | ᠴᠢᠩᠱᠠᠨ ᠲᠣᠭᠤᠷᠢᠭ ᠤᠨ ᠬᠤᠲᠠ ᠶᠢᠨ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠠᠬᠢᠭᠤᠯᠬᠤ | ᠬᠤᠷᠳᠤᠴᠠ ᠶᠢ ᠦᠨᠳᠦᠰᠦᠯᠡᠨ᠂ ᠬᠡᠤᠬᠡᠳ ᠤᠨ ᠴᠡᠴᠡᠷᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠷᠭᠠᠨ | ᠬᠥᠮᠦᠵᠢᠯ ᠤᠨ ᠪᠡᠯᠡᠳᠬᠡᠮᠵᠢ ᠶᠢᠨ ᠴᠡᠭ ᠪᠠᠶᠢᠷᠢᠯᠠᠭᠤᠯᠬᠤ ᠲᠤᠰᠬᠠᠶ ᠲᠥᠯᠥᠪᠵᠢᠭᠦᠯᠭᠡ ᠳᠤ ᠣᠷᠣᠭᠤᠯᠵᠤ᠂ | ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠰᠢᠨ᠎ᠡ ᠪᠠᠷ ᠪᠠᠶᠢᠭᠤᠯᠬᠤ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠦᠨᠡᠨᠬᠦ ᠪᠠᠲᠤᠯᠠᠵᠤ᠂ ᠲᠣᠭᠲᠠᠭᠠᠯ ᠶᠣᠰᠣᠭᠠᠷ ᠪᠠᠶᠢᠷᠢᠯᠠᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶ | ︵ᠭᠤᠷᠪᠠ︶ ᠲᠦᠭᠡᠮᠡᠯ ᠬᠠᠷᠠᠭᠠᠯᠵᠠᠯ ᠤᠨ ᠡᠬᠢ ᠪᠠᠶᠠᠯᠢᠭ ᠤᠨ ᠬᠠᠷᠢᠴᠠᠯ ᠢᠶᠠᠨ ᠳᠡᠭᠡᠭᠰᠢᠯᠡᠭᠦᠯᠦᠨ᠎ᠡ | 1. ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠶᠡᠬᠡᠪᠡᠷ ᠬᠥᠭᠵᠢᠭᠦᠯᠦᠨ᠎ᠡ᠃ ᠡᠳ᠋ ᠤᠨ ᠵᠠᠰᠠᠭ ᠤᠨ | ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠵᠤ᠂ ᠤᠳᠦ ᠶᠢᠨ ᠪᠠᠶᠢᠭ᠎ᠠ ᠠᠯᠪᠠᠨ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠲᠦᠷᠭᠡᠳᠬᠡᠨ᠂ ᠬᠡᠦᠬᠡᠳ ᠤᠨ ᠴᠡᠴᠡᠷᠯᠢᠭ ᠡᠷᠬᠢᠯᠡᠬᠦ | ᠪᠦᠯᠦᠭᠵᠢᠭᠦᠯᠦᠯᠲᠡ ᠶᠢᠨ ᠵᠠᠭᠪᠤᠷ ᠢ ᠲᠦᠷᠭᠡᠳᠬᠡᠨ᠂ ᠰᠢᠯᠵᠢᠭᠦᠯᠦᠨ ᠲᠤᠰᠢᠶᠠᠭᠰᠠᠨ ᠪᠠᠭ᠎ᠠ ᠲᠣᠭᠤᠷᠢᠭ ᠢᠶᠠᠷ ᠢᠵᠢ | ᠪᠦᠷᠢᠯᠳᠦᠭᠦᠯᠬᠦ ᠬᠡᠦᠬᠡᠳ ᠤᠨ ᠴᠡᠴᠡᠷᠯᠢᠭ ᠢ ᠴᠢᠨᠠᠷ ᠰᠠᠶᠢᠲᠠᠶ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ | ᠪᠤᠶᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠭᠠᠨ | ᠡᠷᠬᠢᠯᠡᠬᠦ ᠪᠠᠷ ᠴᠢᠷᠮᠠᠶᠢᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ︶ | 2. ᠨᠢᠭᠡ ᠪᠦᠯᠦᠭ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠢ ᠭᠦᠢᠴᠡᠳ | ᠨᠥᠬᠦᠪᠥᠷᠢᠯᠡᠨ᠎ᠡ᠃ ︽ᠪᠤᠭᠤᠲᠤ ᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠢᠶᠠᠷ ᠢᠵᠢ | ᠪᠦᠷᠢᠯᠳᠦᠭᠦᠯᠬᠦ ᠬᠡᠦᠬᠡᠳ ᠤᠨ ᠴᠡᠴᠡᠷᠯᠢᠭ ᠢ ᠲᠥᠯᠥᠪᠵᠢᠭᠦᠯᠵᠦ ᠪᠦᠲᠦᠭᠡᠨ ᠪᠠᠶᠢᠭᠤᠯᠬᠤ ᠬᠠᠮᠢᠶᠠᠷᠤᠯᠲᠠ ᠶᠢᠨ | ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠪᠠᠷᠢᠮᠵᠢᠶ᠎ᠠ ᠪᠠ ᠵᠢᠷᠤᠮᠵᠢᠯ ᠤᠨ ᠶᠣᠰᠣᠭᠠᠷ | ᠪᠦᠲᠦᠭᠡᠨ ᠪᠠᠶᠢᠭᠤᠯᠵᠤ᠂ ᠢᠵᠢ ᠪᠦᠷᠢᠯᠳᠦᠭᠦᠯᠦᠭᠰᠡᠨ ᠬᠡᠦᠬᠡᠳ ᠤᠨ ᠴᠡᠴᠡᠷᠯᠢᠭ ᠬᠢᠭᠡᠳ ᠰᠢᠨ᠎ᠡ ᠪᠠᠷ ᠪᠠᠶᠢᠭᠤᠯᠤᠭᠰᠠᠨ | ᠣᠷᠣᠨ ᠰᠠᠭᠤᠴᠠ ᠶᠢᠨ ᠲᠣᠭᠤᠷᠢᠭ ᠢ ᠵᠡᠷᠭᠡ ᠳᠤ ᠨᠢ ᠲᠥᠯᠥᠪᠵᠢᠭᠦᠯᠬᠦ᠂ ᠵᠡᠷᠭᠡ ᠳᠤ ᠨᠢ ᠪᠦᠲᠦᠭᠡᠨ ᠪᠠᠶᠢᠭᠤᠯᠬᠤ᠂ | ᠵᠡᠷᠭᠡ ᠳᠤ ᠨᠢ ᠰᠢᠯᠭᠠᠨ ᠠᠪᠬᠤ᠂ ᠵᠡᠷᠭᠡ ᠳᠤ ᠨᠢ ᠲᠤᠰᠢᠶᠠᠨ ᠬᠡᠷᠡᠭᠯᠡᠭᠦᠯᠬᠦ ᠶᠢ ᠦᠨᠡᠨᠬᠦ ᠪᠠᠲᠤᠯᠠᠵᠤ᠂ ᠣᠯᠠᠨ | ᠨᠡᠶᠢᠲᠡ ᠶᠢᠨ ᠰᠤᠷᠭᠠᠨ ᠬᠥᠮᠥᠵᠢᠯ ᠤᠨ ᠡᠬᠢ ᠪᠠᠶᠠᠯᠢᠭ ᠪᠣᠯᠭᠠᠵᠤ ᠲᠤᠭᠤᠷᠢᠭ ᠤᠨ ᠵᠠᠰᠠᠭ ᠤᠨ ᠣᠷᠳᠣᠨ ᠠᠴᠠ | ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠤᠶᠤ ᠲᠦᠭᠡᠮᠡᠯ | ᠬᠠᠷᠠᠭᠠᠯᠵᠠᠯ ᠤᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠭᠠᠨ ᠡᠷᠬᠢᠯᠡᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶ | 3. ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠨᠢᠭᠡ ᠪᠦᠯᠦᠭ ᠬᠡᠦᠬᠡᠳ ᠤᠨ | ᠴᠡᠴᠡᠷᠯᠢᠭ ᠢ ᠲᠡᠳᠬᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠢ ᠦᠨᠡᠮᠰᠢᠨ ᠲᠣᠭᠲᠠᠭᠠᠬᠤ ᠵᠢᠴᠢ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠨ᠂ ᠨᠢᠭᠡ ᠪᠦᠯᠦᠭ | ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠲᠡᠳᠬᠦᠨ ᠳᠡᠮᠵᠢᠵᠦ᠂ | ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠠᠷᠠᠳ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠲᠠᠬᠢ ᠡᠵᠡᠯᠡᠬᠦ ᠬᠠᠷᠢᠴᠠᠯ ᠢ ᠨᠡᠮᠡᠭᠳᠡᠭᠦᠯᠦᠨ᠎ᠡ᠃ ᠪᠦᠯᠦᠭᠵᠢᠭᠦᠯᠦᠨ ᠴᠡᠴᠡᠷᠯᠢᠭ | ᠡᠷᠬᠢᠯᠡᠬᠦ᠂ ᠴᠡᠴᠡᠷᠯᠢᠭᠵᠢᠭᠦᠯᠦᠨ ᠡᠷᠬᠢᠯᠡᠬᠦ᠂ ᠣᠷᠣᠨ ᠪᠦᠰᠡ ᠠᠯᠤᠰᠯᠠᠨ ᠬᠤᠷᠰᠢᠯᠴᠠᠨ ᠴᠡᠴᠡᠷᠯᠢᠭ ᠡᠷᠬᠢᠯᠡᠬᠦ ᠵᠡᠷᠭᠡ | ᠬᠡᠦᠬᠡᠳ ᠤᠨ ᠴᠡᠴᠡᠷᠯᠢᠭ ᠡᠷᠬᠢᠯᠡᠬᠦ ᠵᠠᠭᠪᠤᠷ ᠢ ᠬᠠᠶᠢᠨ ᠰᠦᠪᠡᠭᠴᠢᠯᠡᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠎ᠡ᠃ ᠬᠡᠦᠬᠡᠳ ᠤᠨ ᠴᠡᠴᠡᠷᠯᠢᠭ ᠤᠨ | ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠤᠨ ᠬᠥᠭᠵᠢᠯᠲᠡ ᠶᠢᠨ ᠬᠢᠷᠢ ᠲᠦᠪᠰᠢᠨ ᠢ ᠳᠡᠰ ᠳᠡᠪᠰᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠤᠨ ᠬᠥᠭᠵᠢᠯᠲᠡ ᠶᠢ ᠳᠡᠮᠵᠢᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ︶ | ︵ᠲᠦᠷᠪᠡ︶ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ | 1. ᠣᠯᠠᠨ ᠡᠰᠢᠲᠦ ᠬᠥᠮᠦᠨ ᠬᠡᠷᠡᠭᠯᠡᠬᠦ ᠲᠣᠭᠲᠠᠴᠠ ᠶᠢ ᠬᠠᠶᠢᠨ ᠰᠦᠪᠡᠭᠴᠢᠯᠡᠵᠦ᠂ ᠪᠠᠭᠰᠢ ᠠᠵᠢᠯᠲᠠᠨ | ᠠᠵᠢᠯᠴᠢᠨ ᠤ ᠬᠠᠷᠢᠴᠠᠯ ᠪᠠ ᠬᠠᠷᠠᠭᠠᠯᠵᠠᠯ ᠤᠨ ᠪᠠᠲᠤᠯᠠᠭ᠎ᠠ ᠶᠢ ᠳᠡᠭᠡᠭᠰᠢᠯᠡᠭᠦᠯᠦᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠶᠢᠭᠤᠯᠤᠮᠵᠢ ᠶᠢᠨ | ᠣᠷᠣᠨ ᠲᠣᠭᠠᠨ ᠤ ᠪᠠᠷᠢᠮᠵᠢᠶ᠎ᠠ︾ ᠶᠣᠰᠣᠭᠠᠷ᠂ ᠬᠡᠦᠬᠡᠳ ᠤᠨ ᠴᠡᠴᠡᠷᠯᠢᠭ ᠤᠨ ᠲᠤᠭ᠎ᠠ ᠬᠡᠮᠵᠢᠶ᠎ᠡ ᠶᠢᠨ ᠬᠤᠪᠢᠷᠠᠯᠲᠠ ᠶᠢ | ᠦᠨᠳᠦᠰᠦᠯᠡᠨ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠠᠵᠢᠯᠴᠢᠨ᠂ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠠᠵᠢᠯᠲᠠᠨ᠂ ᠡᠷᠡᠭᠦᠯ ᠬᠠᠮᠠᠭᠠᠯᠠᠯ ᠡᠷᠡᠭᠦᠯᠵᠢᠯ ᠤᠨ ᠠᠵᠢᠯᠲᠠᠨ᠂ ᠵᠢᠭᠠᠨ ᠰᠤᠷᠭᠠᠯᠲᠠ ᠶᠢᠨ | ᠬᠠᠪᠰᠤᠷᠤᠨ ᠵᠢᠯᠣᠭᠤᠳᠬᠤ ᠠᠵᠢᠯᠲᠠᠨ ᠵᠡᠷᠭᠡ ᠬᠠᠮᠢᠶ᠎ᠠ ᠪᠦᠬᠦᠢ ᠠᠵᠢᠯᠲᠠᠨ ᠢ ᠵᠢᠯ ᠳᠠᠷᠠᠭᠠᠯᠠᠨ ᠭᠦᠢᠴᠡᠳ | ᠲᠣᠬᠢᠷᠠᠭᠤᠯᠵᠤ᠂ ︽ᠣᠷᠣᠨ ᠲᠤᠭ᠎ᠠ ᠲᠠᠢ ᠪᠠᠶᠢᠭᠰᠠᠨ ᠴᠦ ᠨᠥᠬᠦᠪᠥᠷᠢᠯᠡᠬᠦ ᠦᠬᠡᠢ︾ ᠦᠵᠡᠭᠳᠡᠯ ᠢ ᠠᠷᠢᠯᠭᠠᠨ᠎ᠠ᠃ | ᠬᠡᠦᠬᠡᠳ ᠤᠨ ᠴᠡᠴᠡᠷᠯᠢᠭ ᠤᠨ ᠪᠠᠭᠰᠢ ᠶᠢ ᠨᠥᠬᠦᠪᠥᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠵᠤ᠂ ᠣᠨ ᠬᠤᠪᠢᠶᠠᠨ ᠨᠥᠬᠦᠪᠥᠷᠢᠯᠡᠬᠦ ᠲᠥᠯᠥᠪᠯᠡᠭᠡ ᠶᠢ ᠲᠣᠭᠲᠠᠭᠠᠵᠤ᠂ 2024 ᠣᠨ ᠤ ᠣᠷᠣᠨ | ᠪᠦᠰᠡ ᠶᠢᠨ ᠳᠣᠲᠣᠷᠠᠬᠢ ᠬᠡᠦᠬᠡᠳ ᠤᠨ ᠴᠡᠴᠡᠷᠯᠢᠭ ᠤᠨ ᠲᠤᠰᠬᠠᠢ ᠪᠠᠭᠰᠢ ᠶᠢᠨ ᠶᠡᠷᠦᠩᠬᠡᠢ ᠲᠤᠭ᠎ᠠ ᠬᠢᠭᠡᠳ | ᠴᠡᠴᠡᠷᠯᠢᠭ ᠲᠤ ᠪᠠᠶᠢᠭ᠎ᠠ ᠬᠡᠦᠬᠡᠳ ᠤᠨ ᠶᠡᠷᠦᠩᠬᠡᠢ ᠲᠤᠭ᠎ᠠ ᠶᠢᠨ ᠬᠠᠷᠢᠴᠠᠯ ᠢ 1᠄ 15 ᠠᠴᠠ ᠳᠣᠣᠷ᠎ᠠ ᠪᠠᠶᠢᠯᠭᠠᠬᠤ | ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠣᠷᠣᠨ | ᠲᠤᠭ᠎ᠠ ᠶᠢᠨ ᠳᠣᠲᠣᠷᠠᠬᠢ ᠣᠷᠣᠨ ᠲᠤᠭ᠎ᠠ ᠠᠴᠠ ᠭᠠᠳᠠᠨᠠᠬᠢ ᠬᠡᠦᠬᠡᠳ ᠤᠨ ᠴᠡᠴᠡᠷᠯᠢᠭ ᠤᠨ ᠪᠠᠭᠰᠢ ᠨᠠᠷ ᠤᠨ ᠴᠠᠯᠢᠩ ᠢ | ᠠᠳᠠᠯᠢ ᠠᠵᠢᠯ ᠳᠤ ᠠᠳᠠᠯᠢ ᠬᠥᠯᠥᠰᠥ ᠣᠯᠭᠤᠬᠤ ᠶᠢ ᠪᠡᠶᠡᠯᠡᠭᠦᠯᠵᠦ᠂ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠤᠨ ᠪᠠᠭᠰᠢ ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠭᠠᠳ | ᠪᠠᠭᠰᠢ ᠠᠵᠢᠯᠲᠠᠨ ᠠᠵᠢᠯᠴᠢᠨ ᠢ ᠬᠠᠤᠯᠢ ᠶᠣᠰᠣᠭᠠᠷ ᠭᠦᠢᠴᠡᠳ ᠲᠣᠬᠢᠷᠠᠭᠤᠯᠬᠤ ᠶᠢᠨ ᠬᠠᠮᠲᠤ ᠴᠠᠯᠢᠩ ᠣᠯᠭᠤᠮᠵᠢ ᠶᠢ | ᠨᠢ ᠪᠠᠲᠤᠯᠠᠨ᠎ᠠ᠃ ᠬᠠᠤᠯᠢ ᠲᠣᠭᠲᠠᠭᠠᠯ ᠶᠣᠰᠣᠭᠠᠷ ᠪᠠᠭᠰᠢ ᠠᠵᠢᠯᠲᠠᠨ ᠠᠵᠢᠯᠴᠢᠨ ᠳᠤ ᠲᠠᠪᠤᠨ ᠳᠠᠭᠠᠳᠬᠠᠯ ᠨᠢᠭᠡ | ᠮᠥᠩᠭᠦ ᠲᠤᠰᠢᠶᠠᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 2. ᠪᠠᠭᠰᠢ ᠬᠥᠮᠦᠵᠢᠭᠦᠯᠬᠦ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠡᠦᠬᠡᠳ ᠤᠨ ᠴᠡᠴᠡᠷᠯᠢᠭ ᠤᠨ ᠳᠠᠷᠤᠭ᠎ᠠ᠂ ᠲᠤᠰᠬᠠᠶ ᠲᠤᠰᠢᠶᠠᠯ ᠤᠨ ᠪᠠᠭᠰᠢ ᠨᠠᠷ ᠢ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠬᠤ ᠳᠦᠷᠢᠮ ᠢ ᠴᠢᠩᠭ᠎ᠠ ᠨᠠᠶᠢᠲᠠᠪᠦᠷᠢᠵᠢᠭᠤᠯᠤᠨ᠎ᠠ᠃ ᠪᠠᠭᠰᠢ ᠶᠢᠨ | ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ᠂ ᠰᠢᠯᠭᠠᠨ ᠬᠢᠨᠠᠬᠤ᠂ | ᠱᠠᠩᠨᠠᠵᠤ ᠲᠣᠷᠭᠠᠬᠤ ᠶᠢ ᠬᠠᠷᠢᠯᠴᠠᠨ ᠤᠶᠠᠯᠳᠤᠭᠤᠯᠤᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠡᠦᠬᠡᠳ ᠤᠨ ᠴᠡᠴᠡᠷᠯᠢᠭ ᠤᠨ ᠭᠤᠤᠯᠯᠠᠭᠴᠢ ᠴᠡᠴᠡᠷᠯᠢᠭ ᠤᠨ | ᠳᠠᠷᠤᠭ᠎ᠠ ᠪᠠ ᠭᠤᠤᠯᠯᠠᠭᠴᠢ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠪᠡᠶ᠎ᠡ ᠪᠠᠨ ᠳᠠᠭᠠᠭᠠᠭᠰᠠᠨ | ᠲᠣᠭᠯᠠᠭᠠᠮ ᠤᠨ ᠠᠵᠢᠯ ᠤᠨ ᠲᠠᠰᠤᠭ ᠤᠨ ᠠᠵᠢᠯ ᠢ ᠥᠷᠨᠢᠭᠦᠯᠵᠦ᠂ ᠲᠤᠰ ᠣᠷᠣᠨ ᠤ ᠪᠠᠨ ᠬᠡᠦᠬᠡᠳ ᠤᠨ ᠰᠤᠷᠭᠠᠨ | ᠬᠥᠮᠦᠵᠢᠯ ᠤᠨ ᠪᠠᠭᠰᠢ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢ ᠳᠠᠶᠢᠴᠢᠯᠠᠨ᠎ᠠ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶ | ︵ᠲᠠᠪᠤ︶ ᠴᠡᠴᠡᠷᠯᠢᠭ ᠡᠷᠬᠢᠯᠡᠬᠦ ᠠᠵᠢᠯᠯᠠᠭ᠎ᠠ ᠶᠢ ᠲᠠᠰᠤᠷᠠᠯᠲᠠ ᠦᠭᠡᠢ ᠵᠢᠷᠤᠮᠵᠢᠭᠤᠯᠤᠨ᠎ᠠ | 1. ᠬᠡᠦᠬᠡᠳ ᠤᠨ ᠴᠡᠴᠡᠷᠯᠢᠭ ᠲᠤ ᠣᠷᠣᠬᠤ ᠶᠢ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ᠬᠡᠦᠬᠡᠳ ᠤᠨ ᠴᠡᠴᠡᠷᠯᠢᠭ ᠤᠳ ᠡᠷᠬᠡᠪᠰᠢ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠣᠯᠵᠤ᠂ ᠠᠷᠠᠳ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠲᠤ ︽ᠤᠷᠢᠳᠠᠪᠠᠷ ᠦᠨᠡᠮᠯᠡᠯ ᠣᠯᠭᠤᠵᠤ ᠳᠠᠷᠠᠭ᠎ᠠ ᠨᠢ ᠡᠷᠬᠢᠯᠡᠬᠦ︾ ᠳᠦᠷᠢᠮ ᠢ | ᠴᠢᠩᠭ᠎ᠠ ᠬᠡᠷᠡᠭᠵᠢᠭᠦᠯᠵᠦ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠣᠨ ᠤ ᠪᠠᠶᠢᠴᠠᠭᠠᠯᠲᠠ ᠶᠢᠨ | ᠳᠦᠷᠢᠮ ᠢ ᠲᠡᠭᠦᠯᠳᠡᠷᠵᠢᠭᠦᠯᠦᠨ ᠨᠠᠶᠢᠲᠠᠪᠦᠷᠢᠵᠢᠭᠤᠯᠤᠨ᠎ᠠ᠃ ᠬᠡᠦᠬᠡᠳ ᠤᠨ ᠴᠡᠴᠡᠷᠯᠢᠭ ᠤᠨ ᠡᠬᠢ ᠪᠠᠶᠠᠯᠢᠭ ᠤᠨ ᠮᠡᠳᠡᠭᠡ | ᠵᠠᠩᠭᠢ ᠶᠢ ᠨᠡᠶᠢᠭᠡᠮ ᠳᠤ ᠴᠠᠭ ᠲᠤᠬᠠᠶ ᠳᠤᠨᠢ ᠨᠡᠶᠢᠲᠡᠯᠡᠵᠦ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ︽ᠨᠢᠭᠡ ᠪᠦᠯᠦᠭ ᠢ ᠵᠥᠪᠰᠢᠶᠡᠷᠡᠨ ᠣᠷᠣᠭᠤᠯᠬᠤ᠂ ᠨᠢᠭᠡ ᠪᠦᠯᠦᠭ ᠢ ᠴᠡᠭᠴᠡᠯᠡᠨ ᠰᠠᠶᠢᠵᠢᠷᠠᠭᠤᠯᠬᠤ᠂ | ᠨᠢᠭᠡ ᠪᠦᠯᠦᠭ ᠢ ᠬᠦᠴᠦᠨ ᠦᠭᠡᠶ ᠪᠣᠯᠭᠠᠬᠤ︾ ᠵᠠᠷᠴᠢᠮ ᠤᠨ ᠶᠣᠰᠣᠭᠠᠷ᠂ ᠲᠥᠷᠥᠯ ᠬᠤᠪᠢᠶᠠᠨ ᠵᠠᠰᠠᠵᠤ᠂ ᠦᠨᠡᠮᠯᠡᠯ | ᠦᠭᠡᠶ ᠪᠠᠷ ᠰᠤᠷᠬᠤ ᠨᠠᠰᠤᠨ ᠠᠴᠠ ᠡᠮᠦᠨᠡᠬᠢ ᠰᠤᠷᠭᠠᠭᠤᠯᠢ ᠡᠷᠬᠢᠯᠡᠬᠦ ᠪᠠᠶᠢᠭᠤᠯᠤᠮᠵᠢ ᠶᠢ ᠲᠦᠢᠯᠪᠤᠷᠢᠲᠠᠶ ᠬᠦᠴᠦᠨ | ᠦᠭᠡᠶ ᠪᠤᠯᠭᠠᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠡᠯ᠎ᠡ ᠵᠡᠭᠡᠯᠢ ᠪᠠᠯᠭᠠᠰᠤ︶ | 2. ᠠᠶᠦᠯᠭᠦᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠦᠨ᠎ᠡ᠃ ᠬᠡᠦᠬᠡᠳ ᠤᠨ | ᠴᠡᠴᠡᠷᠯᠢᠭ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠵᠢᠴᠢ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠪᠦᠷᠢᠨᠰᠢᠭᠦᠯᠵᠦ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠢ ᠬᠢᠨᠠᠨ ᠬᠡᠮᠵᠢᠬᠦ | ᠳᠦᠷᠢᠮ ᠢ ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ | ᠬᠡᠤᠬᠡᠳ ᠤᠨ ᠴᠡᠴᠡᠷᠯᠢᠭ ᠤᠨ ᠭᠠᠵᠠᠷ᠂ ᠢᠳᠡᠭᠡᠨ ᠤ ᠵᠦᠢᠯ᠂ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠲᠡᠷᠭᠡ᠂ ᠭᠠᠯ | ᠤᠨᠲᠠᠷᠠᠭᠠᠬᠤ ᠵᠡᠷᠭᠡ ᠡᠯ᠎ᠡ ᠲᠠᠯ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠲᠡᠷᠭᠡ ᠶᠢᠨ ᠪᠠᠶᠢᠴᠠᠭᠠᠨ ᠰᠢᠯᠭᠠᠬᠤ ᠪᠠ ᠵᠢᠯᠣᠭᠤᠴᠢ ᠶᠢᠨ ᠬᠢᠷᠢ ᠬᠡᠮ ᠢ | ᠬᠢᠨᠠᠨ ᠬᠠᠷᠭᠤᠭᠤᠯᠬᠤ ᠪᠠ ᠬᠠᠮᠢᠶᠠᠷᠬᠤ ᠶᠢ ᠴᠢᠩᠭᠠᠷᠠᠭᠤᠯᠤᠨ᠂ ᠬᠡᠤᠬᠡᠳ ᠤᠨ ᠴᠡᠴᠡᠷᠯᠢᠭ ᠤᠨ ᠢᠳᠡᠭᠡᠨ ᠤ ᠡᠷᠡᠭᠦᠯ | ᠬᠠᠮᠠᠭᠠᠯᠠᠯ ᠤᠨ ᠬᠢᠵᠢᠭ ᠢ ᠰᠡᠷᠭᠡᠶᠢᠯᠡᠬᠦ᠂ ᠠᠮᠤᠷ ᠲᠦᠪᠰᠢᠨ ᠤ ᠬᠠᠮᠠᠭᠠᠯᠠᠯᠲᠠ ᠪᠠ ᠭᠠᠯ ᠤᠨᠲᠠᠷᠠᠭᠠᠬᠤ ᠲᠦᠷᠢᠮ ᠢ | ᠨᠠᠶᠢᠳᠠᠪᠤᠷᠢᠵᠢᠭᠤᠯᠵᠤ᠂ ᠴᠡᠴᠡᠷᠯᠢᠭ ᠲᠤ ᠪᠠᠶᠢᠭ᠎ᠠ ᠬᠡᠤᠬᠡᠳ ᠤᠨ ᠠᠮᠤᠷ ᠲᠦᠪᠰᠢᠨ ᠡᠷᠡᠭᠦᠯ ᠢᠶᠠᠷ ᠦᠰᠦᠨ | ᠪᠤᠶᠢᠵᠢᠬᠤ ᠶᠢ ᠦᠨᠡᠨᠬᠦ ᠪᠠᠲᠤᠯᠠᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶ | 3. ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠡᠯ᠎ᠡ ᠱᠠᠲᠤᠨ ᠤ ᠡᠯ᠎ᠡ | ᠲᠥᠷᠥᠯ ᠤᠨ ᠬᠡᠦᠬᠡᠳ ᠤᠨ ᠴᠡᠴᠡᠷᠯᠢᠭ ᠤᠳ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠳᠤ | ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠭᠦᠯᠵᠦ᠂ ᠬᠤᠷᠢᠶᠠᠭᠰᠠᠨ ᠵᠠᠷᠤᠳᠠᠯ ᠢ ᠨᠢ ᠡᠳ᠋ ᠤᠨ | ᠵᠠᠰᠠᠭ ᠤᠨ ᠲᠤᠰᠬᠠᠶ ᠳᠠᠩᠰᠠᠨ ᠳᠤ ᠣᠷᠣᠭᠤᠯᠤᠨ ᠬᠠᠮᠢᠶᠠᠷᠴᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ | ᠬᠡᠷᠡᠭᠯᠡᠨ᠎ᠡ᠃ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠳᠤ ᠬᠡᠦᠬᠡᠳ ᠤᠨ | ᠴᠡᠴᠡᠷᠯᠢᠭ ᠡᠷᠬᠢᠯᠡᠬᠦ ᠥᠪᠡᠷ ᠤᠨ ᠥᠷᠲᠡᠭ ᠢ ᠬᠢᠨᠠᠨ ᠪᠣᠳᠣᠬᠤ᠂ ᠮᠡᠳᠡᠭᠦᠯᠦᠨ ᠳᠠᠩᠰᠠᠯᠠᠭᠤᠯᠬᠤ ᠪᠠ ᠢᠯᠡ ᠨᠡᠶᠢᠲᠡᠯᠡᠬᠦ | ᠳᠦᠷᠢᠮ ᠢ ᠬᠡᠷᠡᠭᠵᠢᠭᠦᠯᠵᠦ᠂ ᠥᠪᠡᠷ ᠤᠨ ᠥᠷᠲᠡᠭ ᠢ ᠵᠣᠷᠢᠭᠤᠳᠠ ᠥᠰᠬᠡᠬᠦ᠂ ᠥᠨᠳᠥᠷ ᠦᠨ᠎ᠡ ᠪᠠᠷ ᠰᠦᠢᠳᠬᠡᠯ | ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠬᠡᠦᠬᠡᠳ ᠤᠨ ᠬᠤᠭᠤᠯᠠᠨ ᠵᠠᠷᠤᠳᠠᠯ ᠢ ᠪᠦᠬᠦᠨ ᠢ ᠬᠡᠦᠬᠡᠳ ᠤᠨ | ᠬᠤᠭᠤᠯᠠᠨ ᠳᠤ ᠬᠡᠷᠡᠭᠯᠡᠬᠦ ᠶᠢ ᠪᠠᠲᠤᠯᠠᠵᠤ᠂ ᠠᠰᠢᠭ ᠣᠯᠬᠤ ᠪᠤᠶᠤ ᠦᠯᠡᠳᠡᠪᠦᠷᠢ ᠲᠠᠢ ᠪᠠᠶᠢᠯᠭᠠᠵᠤ ᠪᠣᠯᠬᠤ ᠦᠭᠡᠶ᠂ | ᠰᠢᠭᠠᠨ ᠡᠵᠡᠯᠡᠵᠦ᠂ ᠦᠯᠡᠳᠡᠭᠡᠨ ᠠᠪᠬᠤ ᠪᠠ ᠨᠡᠭᠦᠯᠭᠡᠨ ᠬᠡᠷᠡᠭᠯᠡᠵᠦ ᠪᠣᠯᠬᠤ ᠦᠭᠡᠶ᠃ ᠬᠡᠦᠬᠡᠳ ᠤᠨ ᠴᠡᠴᠡᠷᠯᠢᠭ ᠤᠳ | ᠲᠤᠷᠰᠢᠯᠲᠠ ᠶᠢᠨ ᠠᠩᠭᠢ᠂ ᠣᠨᠴᠠᠯᠢᠭᠲᠤ ᠠᠩᠭᠢ ᠪᠠ ᠳᠤᠷ᠎ᠠ ᠰᠣᠨᠢᠷᠬᠠᠯ ᠤᠨ ᠠᠩᠭᠢ ᠵᠡᠷᠭᠡ ᠶᠢ ᠡᠷᠬᠢᠯᠡᠬᠦ ᠪᠠᠷ | ᠰᠢᠯᠲᠠᠭ ᠪᠣᠯᠭᠠᠵᠤ ᠢᠯᠡᠭᠦᠴᠡ ᠰᠦᠢᠳᠬᠡᠯ ᠬᠤᠷᠢᠶᠠᠵᠤ ᠪᠣᠯᠬᠤ ᠦᠭᠡᠶ᠂ ᠬᠡᠦᠬᠡᠳ ᠤᠨ ᠴᠡᠴᠡᠷᠯᠢᠭ ᠲᠤ ᠣᠷᠣᠬᠤ | ᠶᠠᠪᠤᠳᠠᠯ ᠯᠤᠭ᠎ᠠ ᠬᠤᠯᠪᠣᠭᠳᠠᠭᠤᠯᠤᠭᠰᠠᠨ ᠲᠤᠰᠠᠯᠠᠮᠵᠢ ᠶᠢᠨ ᠵᠠᠷᠤᠳᠠᠯ᠂ ᠰᠤᠷᠭᠠᠨ ᠬᠥᠮᠦᠵᠢᠯ ᠢ ᠳᠡᠮᠵᠢᠬᠦ ᠰᠦᠢᠳᠬᠡᠯ | ᠬᠤᠷᠢᠶᠠᠵᠤ ᠪᠣᠯᠬᠤ ᠦᠭᠡᠶ᠃ ᠵᠦᠢ ᠵᠣᠬᠢᠰ ᠦᠭᠡᠶ ᠰᠦᠢᠳᠬᠡᠯ ᠬᠤᠷᠢᠶᠠᠬᠤ ᠪᠠ ᠳᠤᠷ᠎ᠠ ᠪᠠᠷ ᠢᠶᠠᠨ ᠰᠦᠢᠳᠬᠡᠯ | ᠬᠤᠷᠢᠶᠠᠬᠤ ᠶᠠᠪᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶᠃ | 4.ᠴᠡᠴᠡᠷᠯᠢᠭ ᠡᠷᠬᠢᠯᠡᠬᠦ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠬᠡᠦᠬᠡᠳ ᠤᠨ ᠴᠡᠴᠡᠷᠯᠢᠭ ᠤᠨ | ᠴᠡᠴᠡᠷᠯᠢᠭ ᠡᠷᠬᠢᠯᠡᠬᠦ ᠦᠨᠳᠦᠰᠦᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ ᠤᠨ ᠭᠡᠷ | ᠪᠠᠶᠢᠰᠢᠩ ᠤᠨ ᠨᠥᠬᠦᠴᠡᠯ᠂ ᠲᠣᠭᠯᠠᠭᠠᠮ ᠢᠶᠠᠷ ᠵᠢᠭᠠᠨ ᠰᠤᠷᠭᠠᠬᠤ ᠬᠡᠷᠡᠭᠰᠡᠯ᠂ ᠬᠡᠦᠬᠡᠳ ᠤᠨ ᠪᠡᠯᠡᠳᠬᠡᠮᠵᠢ ᠶᠢᠨ | ᠲᠣᠬᠢᠷᠠᠭᠤᠯᠤᠯᠲᠠ᠂ ᠭᠠᠯ ᠤᠨᠲᠠᠷᠠᠭᠠᠬᠤ ᠶᠠᠪᠤᠳᠠᠯ ᠢ ᠴᠥᠮ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠦᠯᠦᠨ᠎ᠡ᠃ | ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠬᠡᠦᠬᠡᠳ ᠤᠨ ᠴᠡᠴᠡᠷᠯᠢᠭ ᠨᠢ ︽ᠬᠡᠦᠬᠡᠳ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠡᠦᠬᠡᠳ ᠤᠨ ᠴᠡᠴᠡᠷᠯᠢᠭ | ᠡᠷᠬᠢᠯᠡᠬᠦ ᠨᠥᠬᠦᠴᠡᠯ ᠢᠶᠠᠨ ᠲᠥᠯᠥᠪᠯᠡᠭᠡ ᠲᠠᠢ ᠪᠠᠷ ᠵᠢᠯᠣᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ | ᠪᠠᠷᠢᠮᠵᠢᠶ᠎ᠠ ᠳᠤ ᠬᠦᠷᠦᠭᠦᠯᠵᠦ᠂ ᠠᠰᠠᠷᠠᠨ ᠬᠥᠮᠦᠵᠢᠭᠦᠯᠬᠦ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶ | ︵ᠵᠢᠷᠭᠤᠭ᠎ᠠ︶ ᠠᠰᠠᠷᠠᠨ ᠬᠥᠮᠦᠵᠢᠭᠦᠯᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ | 1. ᠰᠢᠨᠵᠢᠯᠡᠬᠦ ᠤᠬᠠᠭᠠᠨᠴᠢ ᠪᠠᠷ ᠠᠰᠠᠷᠠᠨ ᠰᠤᠷᠭᠠᠬᠤ ᠶᠢ ᠪᠠᠷᠢᠮᠲᠠᠯᠠᠨ᠎ᠠ᠃ ᠲᠣᠭᠯᠠᠭᠠᠮ ᠢᠶᠠᠷ ᠦᠨᠳᠦᠰᠦᠨ | ᠠᠵᠢᠯᠯᠠᠭ᠎ᠠ ᠪᠣᠯᠭᠠᠵᠤ᠂ ᠠᠰᠠᠷᠠᠨ ᠬᠥᠮᠦᠵᠢᠭᠦᠯᠬᠦ ᠶᠢ ᠤᠶᠠᠯᠳᠤᠭᠤᠯᠬᠤ᠂ ᠰᠤᠷᠭᠠᠨ ᠬᠥᠮᠦᠵᠢᠭᠦᠯᠬᠦ ᠶᠢ ᠪᠠᠶᠠᠷ ᠬᠥᠷ ᠲᠠᠢ | ᠪᠠᠶᠢᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ︽ᠪᠠᠭ᠎ᠠ ᠰᠤᠷᠭᠠᠭᠤᠯᠢᠵᠢᠭᠤᠯᠬᠤ︾ ᠦᠵᠡᠭᠳᠡᠯ ᠢ | ᠰᠡᠷᠭᠡᠶᠢᠯᠡᠨ ᠵᠠᠯᠠᠷᠠᠭᠤᠯᠵᠤ᠂ ᠬᠡᠦᠬᠡᠳ ᠲᠤ ᠨᠠᠰᠤᠨ ᠤ ᠣᠨᠴᠠᠯᠢᠭ ᠪᠠ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ | ᠶᠣᠰᠣᠨ ᠳᠤ ᠨᠡᠶᠢᠴᠡᠭᠰᠡᠨ ᠠᠰᠠᠷᠠᠨ ᠬᠥᠮᠦᠵᠢᠭᠦᠯᠬᠦ ᠪᠠ ᠰᠤᠷᠭᠠᠨ ᠬᠥᠮᠦᠵᠢᠯ ᠬᠠᠩᠭᠠᠵᠤ᠂ ᠬᠡᠦᠬᠡᠳ ᠤᠨ ᠡᠷᠡᠭᠦᠯ | ᠴᠢᠭᠢᠷᠠᠭ ᠪᠠᠶᠠᠷ ᠬᠥᠷ ᠲᠠᠢ ᠦᠰᠦᠨ ᠪᠤᠶᠢᠵᠢᠬᠤ ᠶᠢ ᠪᠠᠲᠤᠯᠠᠨ᠎ᠠ᠃ ᠬᠡᠦᠬᠡᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ | ᠣᠷᠣᠨ ᠵᠠᠶ ᠶᠢ ᠡᠭᠦᠳᠦᠨ ᠪᠠᠶᠢᠭᠤᠯᠵᠤ᠂ ᠬᠡᠦᠬᠡᠳ ᠤᠨ ᠲᠣᠭᠯᠠᠭᠠᠮ ᠪᠠ ᠠᠮᠢᠳᠤᠷᠠᠯ ᠤᠨ ᠳᠤᠮᠳᠠ ᠠᠵᠢᠭᠯᠠᠨ | ᠰᠦᠪᠡᠭᠴᠢᠯᠡᠬᠦ᠂ ᠰᠡᠷᠡᠨ ᠮᠡᠳᠡᠷᠡᠬᠦ᠂ ᠪᠠᠶᠠᠷ ᠪᠠᠶᠠᠰᠤᠯ ᠢ ᠭᠥᠷᠳᠡᠬᠦ᠂ ᠪᠥᠬᠦ ᠲᠠᠯ᠎ᠠ ᠪᠠᠷ ᠬᠥᠭᠵᠢᠬᠦ ᠬᠡᠷᠡᠭᠴᠡᠭᠡ ᠶᠢ | ᠬᠠᠩᠭᠠᠵᠤ᠂ ᠬᠡᠦᠬᠡᠳ ᠤᠨ ᠦᠷᠭᠦᠯᠵᠢᠯᠡᠨ ᠰᠤᠷᠤᠯᠴᠠᠬᠤ ᠪᠠ ᠨᠠᠰᠤᠨ ᠲᠤᠷᠰᠢᠳᠠ ᠬᠥᠭᠵᠢᠬᠦ ᠳᠤ ᠪᠠᠲᠤ ᠪᠠᠬᠢ ᠬᠡᠪ | ᠴᠢᠨᠠᠷ ᠤᠨ ᠰᠠᠭᠤᠷᠢ ᠶᠢ ᠲᠠᠯᠪᠢᠵᠤ ᠥᠭᠭᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶ | 2. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠭᠠᠨ ᠰᠤᠳᠤᠯᠬᠤ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠪᠦᠰᠡ ᠶᠢᠨ ᠵᠢᠭᠠᠨ ᠰᠣᠷᠭᠠᠯᠳᠡ ᠶᠢᠨ ᠰᠣᠳᠣᠯᠭᠠᠨ ᠪᠠ ᠲᠣᠰ | ᠬᠡᠥᠭᠡᠳ ᠤᠨ ᠴᠡᠴᠡᠷᠯᠢᠭ ᠤᠨ ᠲᠣᠰ ᠵᠢᠭᠠᠨ ᠰᠣᠳᠣᠯᠬᠤ ᠳᠥᠷᠢᠮ ᠢ ᠨᠡᠶᠢᠳᠡᠪᠦᠷᠢᠵᠢᠭᠤᠯᠵᠦ᠂ ᠰᠣᠷᠬᠤ ᠨᠠᠰᠣᠨ ᠠᠴᠠ | ᠡᠮᠣᠨᠡᠬᠢ ᠰᠣᠷᠭᠠᠨ ᠬᠦᠮᠦᠵᠢᠯ ᠤᠨ ᠲᠣᠰᠬᠠᠢ ᠲᠣᠰᠢᠶᠡᠯᠳᠦ ᠵᠢᠭᠠᠬᠤ ᠶᠢ ᠰᠣᠳᠣᠯᠥᠠᠠᠴᠢ ᠬᠦᠢᠴᠡᠳ ᠲᠣᠬᠢᠷᠡᠭᠤᠯᠵᠦ᠂ | ᠰᠣᠷᠬᠤ ᠨᠠᠰᠣᠨ ᠠᠴᠠ ᠡᠮᠣᠨᠡᠬᠢ ᠰᠣᠷᠭᠠᠨ ᠬᠦᠮᠦᠵᠢᠯ ᠤᠨ ᠵᠢᠭᠠᠨ ᠰᠣᠷᠭᠠᠯᠳᠡ ᠶᠢ ᠰᠣᠳᠣᠯᠵᠦ ᠵᠢᠯᠥᠭᠤᠳᠬᠤ | ᠬᠠᠷᠢᠭᠤᠴᠠᠯᠭ᠎ᠠ ᠶᠢᠨ ᠲᠤᠭᠤᠷᠢᠭ ᠢ ᠪᠠᠶᠢᠭᠤᠯᠥᠨ᠂ ᠡᠯ᠎ᠠ ᠳᠥᠷᠦᠯ ᠤᠨ ᠬᠡᠥᠭᠡᠳ ᠤᠨ ᠴᠡᠴᠡᠷᠯᠢᠭ ᠤᠨ ᠵᠢᠭᠠᠨ | ᠰᠣᠷᠭᠠᠯᠳᠡ ᠶᠢ ᠰᠣᠳᠣᠯᠵᠦ ᠵᠢᠯᠥᠭᠤᠳᠬᠤ ᠶᠢ ᠪᠦᠷᠢᠨ ᠪᠦᠷᠬᠦᠬᠦᠯᠬᠦ ᠶᠢ ᠪᠠᠶᠠᠯᠠᠬᠦᠯᠥᠨ᠎ᠠ᠃ ᠬᠡᠦᠬᠡᠳ ᠤᠨ | ᠴᠡᠴᠡᠷᠯᠢᠭ ᠤᠨ ᠭᠤᠤᠯᠯᠠᠭᠴᠢ ᠪᠠᠭᠰᠢ᠂ ᠰᠢᠨ᠎ᠡ ᠪᠠᠭᠰᠢ ᠶᠢᠨ ᠱᠠᠲᠤᠯᠢᠭ ᠪᠣᠯᠪᠠᠰᠤᠷᠠᠭᠤᠯᠤᠯ ᠤᠨ ᠰᠢᠰᠲ᠋ᠧᠮᠵᠢ ᠪᠣᠯᠤᠨ | ᠵᠢᠭᠠᠬᠤ ᠶᠢ ᠰᠤᠳᠤᠯᠬᠤ ᠵᠢᠯᠣᠭᠤᠳᠬᠤ ᠲᠣᠤᠷ ᠰᠦᠯᠵᠢᠶ᠎ᠡ ᠶᠢ ᠪᠦᠷᠢᠨᠰᠢᠭᠦᠯᠦᠨ᠂ ᠬᠡᠦᠬᠡᠳ ᠤᠨ ᠴᠡᠴᠡᠷᠯᠢᠭ ᠤᠨ | ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠠᠰᠠᠷᠠᠨ ᠬᠥᠮᠦᠵᠢᠭᠦᠯᠬᠦ ᠴᠢᠳᠠᠪᠤᠷᠢ ᠪᠣᠯᠤᠨ ᠵᠢᠭᠠᠬᠤ ᠶᠢ | ᠰᠤᠳᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶ | ︵ᠳᠤᠯᠤᠭ᠎ᠠ︶ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠤᠯᠭᠠᠨ᠎ᠠ | ᠣᠯᠠᠨ ᠵᠦᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠭ᠎ᠠ ᠶᠢᠨ ᠲᠤᠰᠬᠠᠶ ᠪᠤᠯᠤᠩ ᠪᠠᠶᠢᠭᠤᠯᠬᠤ | ᠵᠡᠷᠭᠡ ᠠᠷᠭ᠎ᠠ ᠬᠡᠯᠪᠡᠷᠢ ᠪᠠᠷ ᠨᠡᠶᠢᠭᠡᠮ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠶᠢᠨ ᠲᠦᠭᠡᠮᠡᠯ ᠬᠠᠷᠠᠭᠠᠯᠵᠠᠯ ᠤᠨ ᠬᠥᠭᠵᠢᠯᠲᠡ ᠶᠢ ᠲᠦᠭᠡᠮᠡᠯᠵᠢᠭᠦᠯᠬᠦ ᠶᠢᠨ ᠴᠢᠬᠤᠯᠠ ᠴᠢᠨᠠᠷ᠂ | ᠵᠠᠶᠢᠯᠠᠰᠢ ᠥᠬᠡᠶ ᠴᠢᠨᠠᠷ ᠪᠠ ᠮᠠᠨ ᠤ ᠲᠤᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠬᠢᠷᠢ ᠲᠦᠪᠰᠢᠨ ᠤ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ | ᠠᠬᠢᠭᠤᠯᠵᠤ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠪᠠ ᠠᠷᠭ᠎ᠠ ᠬᠢᠳᠡᠯ ᠢ ᠥᠷᠭᠡᠨ ᠢᠶᠠᠷ ᠤᠬᠠᠭᠤᠯᠵᠤ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ ᠨᠡᠶᠢᠳᠡᠮ ᠠᠰᠢᠭ ᠬᠦᠷᠲᠡᠭᠡᠬᠦ ᠶᠢᠨ | ᠮᠡᠳᠡᠬᠦ ᠨᠣᠷᠮ᠎ᠠ᠂ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠂ ᠨᠡᠶᠢᠭᠡᠮ ᠳᠠᠶᠠᠭᠠᠷ ᠤᠨ ᠬᠠᠯᠠᠮᠵᠢᠯᠠᠬᠤ᠂ ᠳᠡᠮᠵᠢᠬᠦ᠂ | ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠵᠤ᠂ ᠨᠡᠶᠢᠭᠡᠮ ᠤᠨ ᠬᠠᠨᠤᠮᠵᠢ ᠶᠢᠨ | ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ︶ | | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | ︵ᠨᠢᠭᠡ︶ ᠦᠵᠡᠯ ᠰᠠᠨᠠᠭ᠎ᠠ ᠪᠠᠨ ᠨᠢᠭᠡᠳᠬᠡᠵᠦ᠂ ᠤᠳᠤᠷᠢᠳᠤᠯᠭ᠎ᠠ ᠪᠠᠨ ᠴᠢᠩᠭᠠᠳᠬᠠᠨ᠎ᠠ | ᠡᠭᠦᠳᠦᠨ ᠪᠠᠶᠢᠭᠤᠯᠬᠤ ᠠᠵᠢᠯ ᠪᠣᠯ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠪᠠ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠶᠢᠯᠠᠰᠢ | ᠦᠭᠡᠢ ᠱᠠᠭᠠᠷᠳᠠᠯᠭ᠎ᠠ ᠮᠥᠨ ᠭᠡᠳᠡᠭ ᠢ ᠭᠦᠢᠴᠡᠳ ᠲᠠᠨᠢᠵᠦ᠂ ᠣᠯᠠᠨ ᠰᠠᠯᠠᠭ᠎ᠠ ᠮᠥᠴᠢᠷ ᠤᠳ ᠣᠷᠣᠯᠴᠠᠭᠰᠠᠨ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠬᠤᠯᠠ ᠶᠡᠭᠡ ᠵᠦᠢᠯᠡᠰ ᠢ ᠨᠢᠭᠡᠳᠦᠯᠲᠡᠶ | ᠲᠥᠯᠥᠪᠯᠡᠨ ᠵᠣᠬᠢᠴᠠᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠳᠤᠮᠳᠠᠬᠢ | ᠪᠠᠶᠢᠭᠤᠯᠤᠯ ᠲᠣᠭᠲᠠᠴᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠡᠭᠦᠳᠦᠨ ᠪᠠᠶᠢᠭᠤᠯᠬᠤ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠡᠤᠬᠡᠳ ᠤᠨ ᠴᠡᠴᠡᠷᠯᠢᠭ ᠨᠢᠭᠡᠪᠦᠷᠢ ᠶᠢ | ᠰᠠᠶᠢᠲᠤᠷ ᠡᠷᠬᠢᠯᠡᠵᠦ᠂ ᠠᠷᠠᠳ ᠣᠯᠠᠨ ᠤ ︽ᠨᠢᠯᠬ᠎ᠠ ᠬᠡᠤᠬᠡᠳ ᠢ ᠰᠢᠯᠢᠳᠡᠭ ᠪᠤᠶᠢᠵᠢᠭᠤᠯᠬᠤ︾ ᠲᠤᠬᠠᠶ ᠰᠠᠶᠢᠨ ᠰᠠᠶᠢᠬᠠᠨ | ᠬᠦᠰᠡᠯ ᠡᠷᠡᠮᠡᠯᠵᠡᠯ ᠢ ᠬᠠᠩᠭᠠᠨ᠎ᠠ᠃ | ︵ᠬᠤᠶᠠᠷ︶ ᠲᠥᠯᠥᠪᠵᠢᠭᠦᠯᠭᠡ ᠲᠣᠭᠲᠠᠭᠠᠵᠤ᠂ ᠨᠠᠷᠢᠯᠢᠭ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠦᠨ᠎ᠡ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ | ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠨ᠎ᠠ᠃ ᠮᠠᠨ ᠤ ᠲᠤᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠬᠢᠨᠠᠨ ᠵᠢᠯᠣᠭᠤᠳᠴᠤ ᠦᠨᠡᠯᠡᠨ ᠵᠢᠱᠢᠬᠦ | ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠶᠡᠷᠦᠩᠬᠡᠶ ᠱᠠᠭᠠᠷᠳᠠᠯᠭ᠎ᠠ᠂ ᠭᠤᠤᠯᠳᠠᠯᠭ᠎ᠠ ᠲᠠᠢ ᠡᠭᠦᠷᠭᠡ ᠪᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠭᠤᠷᠪᠠ︶ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠬᠤᠪᠢᠶᠠᠨᠬᠠᠮᠵᠢᠯᠴᠠᠨᠠ | ︽ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠠᠯᠠᠭ᠎ᠠ ᠮᠥᠴᠢᠷ ᠤᠳ ᠠᠵᠢᠯ | ᠬᠤᠪᠢᠶᠠᠷᠢᠯᠠᠨ ᠬᠠᠮᠵᠢᠯᠴᠠᠬᠤ᠂ ᠰᠤᠷᠭᠠᠨ ᠬᠥᠮᠦᠵᠢᠯ ᠰᠢᠰᠲ᠋ᠧᠮᠵᠢᠭᠦᠯᠦᠨ ᠬᠠᠮᠢᠶᠠᠷᠬᠤ︾ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠦᠨ᠎ᠡ᠃ ᠭᠤᠤᠯᠴᠢᠯᠠᠨ ᠬᠠᠮᠢᠶᠠᠷᠬᠤ | ᠤᠳᠤᠷᠢᠳᠤᠯᠭ᠎ᠠ᠂ ᠲᠦᠷᠦᠭᠦᠯᠡᠨ ᠬᠢᠬᠦ ᠰᠠᠯᠠᠭ᠎ᠠ ᠮᠥᠴᠢᠷ᠂ ᠪᠣᠳᠠᠲᠠᠶ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠨᠡᠶᠢᠳᠡᠮ ᠠᠰᠢᠭ ᠬᠦᠷᠲᠡᠭᠡᠬᠦ ᠠᠵᠢᠯ ᠤᠨ | ᠤᠳᠤᠷᠢᠳᠤᠯᠭ᠎ᠠ ᠶᠢ ᠴᠢᠩᠭᠠᠳᠬᠠᠨ᠂ ᠦᠨᠡᠨᠬᠦ ᠶᠠᠪᠤᠭᠳᠠᠭᠤᠰᠢᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ︵ᠲᠦᠷᠪᠡ︶ ᠪᠡᠯᠡ ᠤᠷᠤᠭᠤᠯᠤᠯᠲᠠ ᠪᠠᠨ ᠨᠡᠮᠡᠭᠳᠡᠭᠦᠯᠵᠦ᠂ ᠵᠠᠷᠤᠳᠠᠯ ᠢ ᠪᠠᠲᠤᠯᠠᠨ᠎ᠠ | ᠠᠯᠪᠠᠨ ᠵᠢᠷᠤᠮ ᠤᠨ ᠪᠤᠰᠤ ᠰᠤᠷᠭᠠᠨ ᠬᠥᠮᠦᠵᠢᠯ ᠤᠨ ᠥᠪᠡᠷ ᠤᠨ ᠥᠷᠲᠡᠭ ᠢ ᠬᠤᠪᠢᠳᠠᠨ ᠡᠭᠦᠷᠭᠡᠯᠡᠬᠦ | ᠱᠠᠭᠠᠷᠳᠠᠯᠭ᠎ᠠ ᠶᠣᠰᠣᠭᠠᠷ᠂ ᠬᠠᠮᠢᠶᠠᠷᠤᠯᠲᠠ ᠶᠢᠨ ᠪᠠᠶᠢᠭᠤᠯᠤᠯ ᠯᠤᠭ᠎ᠠ ᠲᠣᠬᠢᠷᠠᠯᠴᠠᠭᠰᠠᠨ ᠰᠤᠷᠤᠭᠴᠢ ᠨᠢᠭᠡᠪᠦᠷᠢ ᠳᠤ | ᠳᠤᠮᠳᠠᠴᠢ ᠪᠠᠷ ᠵᠣᠭᠤᠰ ᠰᠠᠯᠭᠠᠨ ᠥᠭᠬᠦ᠂ ᠰᠦᠢᠳᠬᠡᠯ ᠬᠤᠷᠢᠶᠠᠬᠤ᠂ ᠲᠤᠰᠠᠯᠠᠬᠤ ᠶᠢ ᠨᠢᠭᠡ ᠴᠣᠭᠴᠠᠵᠢᠭᠤᠯᠤᠭᠰᠠᠨ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ | ᠪᠠᠶᠢᠭᠤᠯᠵᠤ᠂ ᠬᠡᠦᠬᠡᠳ ᠤᠨ ᠴᠡᠴᠡᠷᠯᠢᠭ ᠤᠨ ᠬᠡᠪ ᠤᠨ ᠠᠵᠢᠯᠯᠠᠭᠠᠨ ᠪᠣᠯᠤᠨ ᠲᠣᠭᠲᠠᠭᠤᠨ ᠢᠶᠠᠷ ᠬᠥᠭᠵᠢᠬᠦ ᠶᠢ | ᠪᠠᠲᠤᠯᠠᠨ᠎ᠠ᠃ | ︵ᠲᠠᠪᠤ︶ ᠭᠦᠨᠵᠡᠭᠡᠢ ᠠᠬᠢᠭᠤᠯᠵᠤ᠂ ᠬᠢᠨᠠᠨ ᠵᠢᠯᠤᠭᠤᠳᠬᠤ ᠪᠠᠨ ᠴᠢᠩᠭᠠᠳᠬᠠᠨ᠎ᠠ | ᠲᠤᠭᠤᠷᠢᠭ ᠤᠨ ᠵᠠᠰᠠᠭ ᠤᠨ ᠣᠷᠳᠣᠨ ᠡᠭᠦᠳᠦᠨ ᠪᠠᠶᠢᠭᠤᠯᠬᠤ ᠠᠵᠢᠯ ᠢ ᠡᠯ᠎ᠡ ᠨᠢᠭᠡᠴᠡ᠂ ᠰᠠᠯᠠᠭ᠎ᠠ ᠮᠥᠴᠢᠷ ᠤᠨ | ᠶᠡᠷᠦᠩᠬᠡᠶᠢᠯᠡᠨ ᠰᠢᠯᠭᠠᠨ ᠦᠨᠡᠯᠡᠬᠦ ᠬᠡᠪᠴᠢᠶᠡᠨ ᠳᠤ ᠣᠷᠣᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠠᠬᠢᠴᠠ ᠶᠢ ᠶᠡᠬᠡᠪᠡᠷ ᠠᠬᠢᠭᠤᠯᠤᠨ᠎ᠠ᠃ ᠰᠤᠷᠭᠠᠨ | ᠬᠥᠮᠦᠵᠢᠯ ᠤᠨ ᠱᠠᠯᠠᠪᠳᠠᠭᠤᠯᠤᠨ ᠵᠢᠯᠣᠭᠤᠳᠬᠤ ᠰᠠᠯᠠᠭ᠎ᠠ ᠮᠥᠴᠢᠷ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠤᠬᠡᠳ ᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠶᠢ ᠱᠠᠯᠠᠪᠳᠠᠭᠤᠯᠤᠨ ᠵᠢᠯᠣᠭᠤᠳᠴᠤ ᠦᠨᠡᠯᠡᠨ | ᠵᠢᠱᠢᠬᠦ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠰᠤᠷᠭᠠᠨ ᠱᠠᠯᠠᠪᠳᠠᠭᠤᠯᠤᠨ | ᠰᠢᠢᠳᠪᠦᠷᠢᠯᠡᠭᠦᠯᠬᠦ ﹇2017﹈ 10 ᠳ᠋ᠤᠭᠠᠷ ᠲᠣᠭᠠᠲᠤ︶ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠰᠢᠶᠠᠨ ᠢ ᠡᠭᠦᠳᠦᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠬᠤ | ᠲᠤᠬᠠᠶ ᠮᠡᠳᠡᠭᠳᠡᠯ︾ ︵ᠥᠪᠥᠷ ᠵᠠᠰᠠᠭ ᠰᠤᠷᠭᠠᠨ ᠱᠠᠯᠠᠪᠳᠠᠭᠤᠯᠤᠨ ᠰᠢᠢᠳᠪᠦᠷᠢᠯᠡᠭᠦᠯᠬᠦ ᠵᠠᠬᠢᠳᠠᠯ ﹇2021﹈ 29 | ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠶᠡᠷᠦᠩᠬᠡᠶᠢᠯᠡᠨ ᠲᠣᠬᠢᠷᠠᠭᠤᠯᠵᠤ᠂ ᠲᠠᠩᠰᠠᠨ ᠳᠤ ᠡᠯᠭᠦᠨ | ᠱᠠᠯᠠᠪᠳᠠᠭᠤᠯᠤᠨ ᠭᠦᠢᠴᠡᠳᠬᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠂ ᠬᠡᠤᠬᠡᠳ ᠤᠨ ᠴᠡᠴᠡᠷᠯᠢᠭ ᠢ | ᠵᠢᠷᠤᠮᠵᠢᠭᠤᠯᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠶᠢ ᠲᠤᠰᠬᠠᠶ ᠱᠠᠯᠠᠪᠳᠠᠭᠤᠯᠤᠨ ᠵᠢᠯᠣᠭᠤᠳᠬᠤ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠢ ᠱᠠᠯᠠᠪᠳᠠᠭᠤᠯᠤᠨ | ᠪᠠᠶᠢᠴᠠᠭᠠᠵᠤ ᠵᠢᠭᠠᠨ ᠵᠢᠯᠣᠭᠤᠳᠬᠤ ᠪᠠᠨ ᠴᠢᠩᠭᠠᠳᠬᠠᠨ᠎ᠠ᠃ | | | | | | | | | |