4 ᠳ᠋ᠦ᠋ᠭᠡᠷ ᠰᠠᠷ᠎ᠠ ᠪᠣᠯᠲᠠᠯ᠎ᠠ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ | ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 15. | 2% ᠢᠶᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.6 ᠵᠠᠭᠤᠨ ᠤ ᠨᠢᠭᠡᠴᠢ ᠳᠡᠭᠡᠭᠰᠢᠯᠡᠵᠦ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ | ᠳᠠᠶᠢᠴᠢᠯᠠᠨ 3.7 ᠵᠠᠭᠤᠨ ᠤ ᠨᠢᠭᠡᠴᠢ ᠨᠡᠮᠡᠭᠳᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠢᠭᠡᠳᠦᠭᠡᠷ ᠲᠣᠮᠣ | ᠲᠥᠷᠥᠯ ᠤᠨ ᠲᠠᠸᠠᠷ ᠪᠣᠯᠵᠠᠶ᠃ | ᠨᠢᠭᠡ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠲᠦᠷᠭᠡᠨ ᠬᠥᠭᠵᠢᠪᠡ᠃ 1— 4 ᠳ᠋ᠦ᠋ᠭᠡᠷ ᠰᠠᠷ᠎ᠠ ᠳᠤ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 49.2% ᠢᠶᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠡᠵᠡᠯᠡᠬᠦ ᠬᠤᠪᠢ ᠶᠢᠨ ᠵᠢᠩ 23.5% ᠳᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.4 ᠵᠠᠭᠤᠨ ᠤ ᠨᠢᠭᠡᠴᠢ ᠡᠵᠡᠯᠡᠬᠦ ᠬᠠᠷᠢᠴᠠᠯ ᠨᠢ ᠳᠡᠭᠡᠭᠰᠢᠯᠡᠵᠦ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ | 8.9 ᠵᠠᠭᠤᠨ ᠤ ᠨᠢᠭᠡᠴᠢ ᠨᠡᠮᠡᠭᠳᠡᠭᠦᠯᠪᠡ᠃ | ᠬᠤᠶᠠᠷ ᠲᠤ᠂ ᠭᠠᠷ ᠳᠠᠮᠵᠢᠭᠰᠠᠨ ᠮᠠᠰᠢᠨ ᠲᠡᠷᠭᠡ ᠢᠳᠡᠷᠡᠭᠦᠨ ᠢᠶᠠᠷ ᠨᠡᠮᠡᠭᠳᠡᠪᠡ᠃ 1— 4 ᠳ᠋ᠦ᠋ᠭᠡᠷ ᠰᠠᠷ᠎ᠠ ᠳᠤ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠭᠠᠷ ᠳᠠᠮᠵᠢᠭᠰᠠᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 27.2 ᠳᠠᠬᠢᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠳᠤ ᠦᠵᠡᠭᠦᠯᠦᠭᠰᠡᠨ ᠬᠤᠪᠢ ᠨᠡᠮᠡᠷᠢ ᠶᠢᠨ | ᠨᠣᠷᠮ᠎ᠠ 97.1% ᠳᠤ ᠬᠦᠷᠴᠡᠶ᠃ ᠡᠭᠦᠨ ᠳᠤ 4 ᠳ᠋ᠦ᠋ᠭᠡᠷ ᠰᠠᠷ᠎ᠠ ᠳᠤ ᠭᠠᠷ ᠳᠠᠮᠵᠢᠭᠰᠠᠨ ᠮᠠᠰᠢᠨ ᠲᠡᠷᠭᠡᠨ ᠤ | ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 29.2 ᠳᠠᠬᠢᠨ ᠨᠡᠮᠡᠭᠳᠡᠵᠦ᠂ ᠭᠠᠷ | ᠳᠠᠮᠵᠢᠭᠰᠠᠨ ᠮᠠᠰᠢᠨ ᠲᠡᠷᠭᠡᠨ ᠤ ᠨᠡᠮᠡᠭᠳᠡᠯ ᠨᠢ ᠨᠢᠳᠦ ᠭᠢᠯᠠᠰᠤᠮ᠎ᠠ ᠪᠠᠢᠨ᠎ᠠ᠃ | ᠭᠤᠷᠪᠠ ᠳᠤ᠂ ︽ᠬᠤᠶᠠᠷ ᠰᠢᠨ᠎ᠡ︾ ᠠᠵᠤ ᠠᠬᠤᠶᠢᠯᠠᠯ ᠤᠨ ᠲᠠᠶᠢᠴᠢᠯᠠᠯᠳᠠ ᠲᠤᠪᠤᠶᠢᠮ᠎ᠠ ᠪᠠᠶᠢᠨ᠎ᠠ᠃ ᠰᠢᠨ᠎ᠡ ᠪᠠᠷ | ᠬᠥᠮᠥᠷᠭᠡ ᠳᠤ ᠣᠷᠣᠭᠤᠯᠤᠭᠰᠠᠨ ᠴᠧ ᠲᠦ᠋᠂ ᠰᠢᠨ ᠬᠤᠢ 2 ᠮᠠᠰᠢᠨ ᠲᠡᠷᠭᠡᠨ ᠤ ᠠᠵᠤ ᠠᠬᠤᠶᠢᠯᠠᠯ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ 4.3 ᠵᠠᠭᠤᠨ ᠤ | ᠨᠢᠭᠡᠴᠢ ᠳᠠᠶᠢᠴᠢᠯᠠᠵᠤ᠂ ᠠᠵᠢᠯ ᠲᠥᠷᠥᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | | | | |