ᠴᠢᠩᠱᠠᠨ ᠲᠣᠭᠤᠷᠢᠭ 2024 ᠣᠨ ᠤ ︽5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠴᠢᠩᠱᠠᠨ ᠬᠤᠪᠢᠶᠠᠷᠢ ᠬᠤᠷᠠᠯ ᠤᠨ ᠲᠠᠯᠠᠪᠠᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/20
      14 ᠳ᠋ᠦ᠋ᠭᠡᠷ ᠤᠳᠠᠭᠠᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩᠱᠠᠨ ᠲᠣᠭᠤᠷᠢᠭ ᠤᠨ ᠬᠤᠷᠢᠶ᠎ᠠ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠠᠬᠢᠭᠤᠯᠵᠤ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ ᠭᠡᠬᠦ ᠰᠡᠳᠦᠪᠲᠦ 2024 ᠣᠨ ᠤ ︽5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠴᠢᠩᠱᠠᠨ ᠬᠤᠪᠢᠶᠠᠷᠢ ᠬᠤᠷᠠᠯ ᠤᠨ ᠲᠠᠯᠠᠪᠠᠢ ᠶᠢᠨ ᠠᠵᠢᠯᠯᠠᠭ᠎ᠠ ᠤᠮᠠᠷᠠᠲᠤ ᠶᠢᠨ ᠴᠡᠷᠢᠭ ᠵᠡᠪᠰᠡᠭ ᠤᠨ ᠬᠤᠲᠠ ᠳᠤ ᠤᠷᠤᠭᠰᠢᠲᠠᠶ ᠶᠠᠪᠤᠭᠳᠠᠪᠠ᠃      ᠠᠵᠢᠯᠯᠠᠭ᠎ᠠ ᠶᠢᠨ ᠲᠤᠬᠠᠶ ᠶᠢᠨ ᠡᠳᠦᠷ᠂ ᠤᠮᠠᠷᠠᠲᠤ ᠶᠢᠨ ᠴᠡᠷᠢᠭ ᠵᠡᠪᠰᠡᠭ ᠤᠨ ᠬᠤᠲᠠ ᠳᠤ ᠡᠭᠦᠳᠡᠨ ᠪᠢᠯᠧᠲ ᠤᠨ ᠣᠨᠴᠠ ᠬᠠᠷᠠᠭᠠᠯᠵᠠᠯ ᠲᠠᠢ ᠠᠰᠠᠷᠠᠮᠵᠢ ᠬᠠᠩᠭᠠᠵᠤ᠂ ᠴᠠᠷᠭᠢᠯ ᠬᠤᠯᠪᠣᠭ᠎ᠠ᠂ ᠵᠢᠩ ᠳ᠋ᠦᠩ ᠬᠡᠩᠭᠡᠷᠭᠡ᠂ ᠳᠠᠭᠤᠤ ᠪᠥᠵᠢᠭ᠂ ᠬᠥᠭᠵᠢᠮ ᠬᠠᠪᠰᠤᠷᠭᠠᠭᠰᠠᠨ ᠰᠢᠯᠦᠭ ᠤᠶᠠᠩᠭᠠᠯᠠᠬᠤ᠂ ᠾᠧᠨᠠᠨ ᠵᠦᠴᠦᠭᠡ᠂ ᠮᠣᠳᠧᠯ ᠲᠤᠭᠯᠠᠬᠤ᠂ ᠬᠤᠶᠠᠷ ᠤᠲᠠᠰᠤᠲᠤ ᠬᠠᠮᠲᠤ ᠪᠠᠷ ᠬᠥᠭᠵᠢᠮᠳᠡᠬᠦ ᠵᠡᠷᠭᠡ ᠡᠯᠪᠡᠭ ᠪᠠᠶᠠᠯᠢᠭ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠵᠤᠭᠠᠴᠠᠭᠰᠠᠳ ᠲᠤ ᠭᠤᠶᠢᠳᠠ ᠰᠠᠶᠢᠬᠠᠨ ᠰᠣᠶᠣᠯ ᠵᠢᠭᠤᠯᠴᠢᠯᠠᠯ ᠤᠨ ᠦᠪᠡᠳᠡᠭᠰᠢ ᠨᠠᠶᠢᠷ ᠢ ᠰᠣᠨᠢᠷᠬᠠᠭᠤᠯᠪᠠ᠃      ᠦᠵᠡᠮᠵᠢ ᠶᠢᠨ ᠣᠷᠣᠨ ᠤ ᠠᠭᠤᠳᠠᠮ ᠲᠠᠯᠠᠪᠠᠢ ᠳᠡᠭᠡᠷ᠎ᠡ ᠴᠢᠩᠱᠠᠨ ᠲᠣᠭᠤᠷᠢᠭ ᠤᠨ ᠤᠨᠴᠠᠯᠢᠬᠳᠤ ᠰᠤᠳᠤᠯᠤᠨ ᠰᠤᠷᠤᠯᠴᠠᠬᠤ ᠵᠤᠭᠠᠴᠠᠯ ᠤᠨ ᠵᠠᠮ ᠱᠤᠭᠤᠮ ᠢ ᠤᠬᠠᠭᠤᠯᠤᠨ ᠦᠵᠡᠭᠦᠯᠵᠦ᠂ ︽ᠰᠠᠭᠤᠭᠳᠠᠯ ᠴᠢᠩᠱᠠᠨ︾ ᠣᠷᠣᠨ ᠪᠦᠰᠡ ᠶᠢᠨ ᠤᠯᠠᠨ ᠨᠡᠶᠢᠲᠡ ᠶᠢᠨ ᠲᠦᠷᠦᠯ ᠲᠡᠮᠳᠡᠭ ᠲᠤᠬᠠᠢ ᠶᠢᠨ ᠲᠠᠯᠠᠪᠠᠢ ᠶᠢᠨ ᠳᠡᠯᠭᠡᠨ ᠪᠤᠷᠤᠯᠠᠭᠤᠯᠤᠯᠲᠠ ᠳᠤ ᠣᠷᠣᠯᠴᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠭᠳᠡᠬᠦᠨ᠂ ᠤᠨᠴᠠᠯᠢᠬᠳᠤ ᠠᠮᠲᠠᠲᠤ ᠢᠳᠡᠭᠡᠨ ᠵᠡᠷᠭᠡ ᠵᠤᠭᠠᠴᠠᠯ ᠤᠨ ᠬᠠᠪᠰᠤᠷᠤᠭᠴᠢ ᠶᠢᠨ ᠪᠡᠯᠡᠭ ᠢ ᠳᠡᠯᠭᠡᠨ ᠦᠵᠡᠭᠦᠯᠪᠡ᠃      ᠲᠤᠬᠠᠢ ᠶᠢᠨ ᠲᠠᠯᠠᠪᠠᠢ ᠳᠤ ᠪᠣᠯᠪᠠᠰᠤᠨ ᠵᠢᠭᠤᠯᠴᠢᠯᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠦᠨᠳᠦᠰᠦᠲᠡᠨ ᠤ ᠲᠦᠷᠦ ᠶᠢᠨ ᠪᠤᠳᠤᠯᠭ᠎ᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠴᠠᠭᠠᠵᠠ ᠶᠢ ᠲᠦᠭᠡᠮᠡᠯᠵᠢᠭᠦᠯᠬᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠰᠢᠷᠢᠰ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡᠪᠡᠷ ᠥᠷᠨᠢᠭᠦᠯᠪᠡ᠃ ᠪᠣᠯᠪᠠᠰᠤᠨ ᠵᠢᠭᠤᠯᠴᠢᠯᠠᠯ ᠤᠨ ᠰᠠᠶᠢᠨ ᠳᠤᠷᠠᠴᠤᠤᠯ᠂ ᠵᠤᠭᠠᠴᠠᠭᠰᠠᠳ ᠨᠠᠶᠢᠵᠠ ᠨᠠᠷ ᠲᠤ ᠪᠣᠯᠪᠠᠰᠤᠨ ᠵᠢᠭᠤᠯᠴᠢᠯᠠᠯ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠨᠤᠭᠤᠯᠤᠯᠲᠠ᠂ ᠢᠷᠭᠡᠨ ᠤ ᠬᠠᠤᠯᠢ ᠶᠢᠨ ᠪᠢᠴᠢᠭ ᠤᠨ ᠭᠠᠷ ᠳᠡᠪᠲᠡᠷ᠂ ᠰᠢᠨᠵᠢᠯᠡᠬᠦ ᠤᠬᠠᠭᠠᠨᠴᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠨ᠎ᠡ ᠬᠥᠳᠡᠭᠡ ᠲᠣᠰᠬᠤᠨ᠂ ᠣᠳᠣᠨ ᠣᠷᠣᠨ ᠤ ᠠᠵᠢᠭᠯᠠᠯᠲᠠ ᠶᠢᠨ ᠰᠠᠭᠤᠷᠢ ᠭᠠᠷ ᠳᠡᠪᠲᠡᠷ ᠵᠡᠷᠭᠡ ᠨᠡᠶᠢᠲᠡ ᠶᠢᠨ ᠠᠰᠠᠷᠠᠮᠵᠢ ᠶᠢᠨ ᠪᠡᠯᠡᠭ ᠲᠠᠷᠬᠠᠭᠠᠪᠠ᠃      ᠲᠤᠰ ᠤᠳᠠᠭᠠᠨ ᠤ ᠠᠵᠢᠯᠯᠠᠭ᠎ᠠ ᠨᠢ ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠤᠯᠠᠮ ᠨᠢᠭᠡ ᠠᠯᠬᠤᠮ ᠢᠯᠡᠷᠡᠭᠦᠯᠵᠦ᠂ ᠮᠠᠨ ᠤ ᠲᠤᠭᠤᠷᠢᠭ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠨᠡᠩ ᠥᠨᠳᠥᠷ ᠳᠠᠪᠬᠤᠷᠭ᠎ᠠ ᠳᠤ ᠭᠠᠷᠬᠤ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠬᠥᠭᠵᠢᠭᠡᠵᠦ᠂ ᠴᠢᠩᠱᠠᠨ ᠲᠣᠭᠤᠷᠢᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号