ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠭᠤᠷᠪᠠᠨ ᠰᠠᠷ᠎ᠠ ᠳᠠᠷᠠᠭᠠᠯᠠᠨ ᠪᠦᠬᠦ ᠬᠤᠲᠠ ᠶᠢᠨ ᠨᠢᠭᠡᠳᠦᠭᠡᠷ ᠲᠤ ᠣᠷᠣᠪᠠ
ᠨᠡᠶᠢᠲᠡᠯᠡᠭᠰᠡᠨ ᠴᠠᠭ᠄
2024/5/21
      ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠲᠥᠪ ᠤᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠪᠣᠷᠣᠯᠠᠭᠤᠯᠭ᠎ᠠ ᠶᠢ ᠠᠬᠢᠭᠤᠯᠬᠤ ᠰᠦᠢᠳᠭᠡᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠡᠷ ᠤᠨ ᠴᠠᠬᠢᠯᠭᠠᠨ ᠬᠡᠷᠡᠭᠰᠡᠯ ᠤᠨ ᠬᠦᠷᠢᠶᠡᠨ ᠳᠤ ᠵᠠᠰᠠᠭ ᠤᠨ ᠣᠷᠳᠣᠨ 110 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠠᠬ᠎ᠠ ᠳᠡᠯᠭᠡᠭᠦᠷ ᠢ ᠢᠳᠡᠪᠬᠢᠲᠡᠢ ᠠᠮᠢᠳᠤᠯᠢᠭᠵᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠦᠭᠵᠢᠭᠡᠪᠡ᠃ 2 ᠳ᠋ᠤᠭᠠᠷ ᠰᠠᠷ᠎ᠠ᠂ 3 ᠳ᠋ᠤᠭᠠᠷ ᠰᠠᠷ᠎ᠡ ᠪᠠ 4 ᠳ᠋ᠦ᠋ᠭᠡᠷ ᠰᠠᠷ᠎ᠡ ᠶᠢᠨ ᠨᠡᠮᠡᠭᠳᠡᠯ ᠤᠨ ᠬᠤᠷᠳᠤᠴᠠ ᠨᠢ ᠳᠤᠰ ᠳᠤᠰ 9.1%᠂ 6.9% ᠪᠠ 5.4% ᠬᠦᠷᠴᠦ᠂ ᠭᠤᠷᠪᠠᠨ ᠰᠠᠷ᠎ᠠ ᠳᠠᠷᠠᠭᠠᠯᠠᠨ ᠪᠦᠬᠦ ᠬᠤᠳᠠ ᠎ ᠶᠢᠨ ᠳᠡᠷᠢᠭᠦᠨ ᠳᠤ ᠤᠷᠤᠪᠠ᠃ ᠬᠢᠵᠠᠭᠠᠷᠯᠠᠭᠰᠠᠨ  ᠲᠤᠭ᠎ᠠ ᠠᠴᠠ ᠠᠵᠤ ᠠᠬᠤᠶᠢᠯᠠᠯ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠳᠡᠯᠭᠡᠭᠦᠷ ᠤᠨ ᠪᠠᠶᠠᠷ ᠤᠨ ᠡᠳᠦᠷ ᠲᠠᠢ ᠤᠶᠠᠯᠳᠤᠭᠤᠯᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 100 ᠭᠠᠷᠤᠶ ᠲᠠᠯᠠᠪᠤᠷ ᠥᠷᠨᠢᠭᠦᠯᠵᠦ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠰᠡᠷᠭᠦᠭᠡᠬᠦ ᠶᠢ ᠬᠦᠴᠦᠲᠡᠶ ᠳᠠᠶᠢᠴᠢᠯᠠᠨ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠬᠤᠲᠠ ᠶᠢᠨ ᠲᠡᠷᠢᠭᠦᠨ ᠳᠤ ᠲᠠᠯᠪᠢᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号