ᠴᠢᠩᠱᠠᠨ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ᠄ ᠬᠦᠴᠦᠯᠡᠨ ᠤᠷᠤᠭᠰᠢᠯᠠᠵᠤ ᠲᠡᠷᠢᠭᠦᠯᠡᠨ ᠲᠡᠮᠡᠴᠡᠵᠦ ᠪᠤᠢ
ᠨᠡᠶᠢᠲᠡᠯᠡᠭᠰᠡᠨ ᠴᠠᠭ᠄
2024/5/22
      ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠪᠦᠬᠦ ᠠᠵᠢᠯᠲᠠᠳ ᠲᠤᠰ ᠪᠡᠶ᠎ᠡ ᠶᠢᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠨᠡᠶᠢᠭᠡᠮ ᠤᠨ ᠳᠠᠭᠠᠳᠬᠠᠯ ᠤᠨ ᠠᠷᠠᠳ ᠤᠨ ᠠᠮᠢᠳᠤᠷᠠᠯ ᠤᠨ ︽ᠠᠮᠤᠷ ᠲᠦᠪᠰᠢᠨ ᠤ ᠲᠣᠣᠷ︾ ᠪᠠ ᠨᠡᠶᠢᠭᠡᠮ ᠤᠨ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠥᠷᠭᠡᠳᠬᠡᠵᠦ᠂ ᠦᠢᠯᠡᠴᠢᠯᠡᠭᠡ ᠪᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠬᠤ᠂ ᠴᠠᠭ ᠲᠣᠬᠢᠶᠠᠯ ᠢ ᠠᠮᠵᠢᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠠᠵᠢᠯ ᠤᠨ ᠣᠪᠣᠷ ᠢᠶᠠᠷ ᠨᠡᠶᠢᠭᠡᠮ ᠤᠨ ᠳᠠᠭᠠᠳᠬᠠᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠪᠡᠶᠡᠯᠡᠭᠦᠯᠵᠦ᠂ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠶᠢᠭᠡᠮ ᠤᠨ ᠳᠠᠭᠠᠳᠬᠠᠯ ᠤᠨ ᠬᠦᠴᠦᠨ ᠴᠢᠳᠠᠯ ᠢᠶᠠᠨ ᠡᠷᠭᠦᠨ᠎ᠡ᠃      ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠣᠯᠭᠤᠮᠵᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠤᠯᠭᠤᠨ᠎ᠠ᠃ ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠨᠡᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠡᠢᠭᠡᠮ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠢᠷᠡᠭᠦᠯᠵᠦ᠂ ᠭᠠᠷᠳᠠᠨ ᠭᠦᠢᠴᠡᠳᠭᠡᠭᠴᠢ ᠶᠢ ᠵᠣᠬᠢᠶᠠᠨ ᠪᠠᠢᠭᠤᠯᠤᠨ ᠲᠤᠬᠠᠢᠯᠠᠭᠰᠠᠨ ᠠᠵᠢᠯ ᠤᠨ ᠰᠢᠰᠲ᠋ᠧᠮ ᠤᠨ ᠪᠣᠯᠪᠠᠰᠣᠷᠠᠭᠤᠯᠤᠯ ᠢ ᠥᠷᠨᠢᠭᠦᠯᠵᠦ᠂ ᠨᠡᠢᠭᠡᠮ ᠤᠨ ᠳᠠᠭᠠᠳᠭᠠᠯ ᠤᠨ ᠭᠠᠷᠳᠠᠨ ᠬᠢᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠡᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠭᠡᠬᠦ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠮᠥᠩᠭᠦᠨ ᠤ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠭᠠᠪᠠ᠃ ᠡᠨᠡ ᠵᠢᠯ ᠤᠨ 4 ᠳ᠋ᠦ᠋ᠭᠡᠷ ᠰᠠᠷ᠎ᠠ ᠪᠣᠯᠲᠠᠯ᠎ᠠ᠂ ᠴᠢᠩᠱᠠᠨ ᠲᠣᠭᠤᠷᠢᠭ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 90478 ᠪᠠᠶᠢᠵᠤ᠂ ᠳᠡᠭᠡᠷ᠎ᠡ ᠨᠢᠭᠡ ᠵᠢᠯ ᠤᠨ ᠠᠳᠠᠯᠢ ᠬᠤᠭᠤᠴᠠᠭᠠᠨ ᠤ ᠬᠢ ᠠᠴᠠ 13.1% ᠪᠠᠷ ᠨᠡᠮᠡᠭᠳᠡᠪᠡ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠷᠣᠯᠭ᠎ᠠ 19934 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠪᠡ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠵᠠᠷᠤᠯᠭ᠎ᠠ 15171 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠨ᠂ ᠠᠵᠤ ᠠᠬᠤᠶᠢᠯᠠᠯ ᠤᠨ 14718 ᠠᠵᠢᠯ ᠠᠴᠠ ᠪᠠᠨ ᠠᠮᠠᠷᠠᠭᠰᠠᠳ ᠲᠤ  ᠠᠰᠢᠭ ᠬᠦᠷᠲᠡᠭᠡᠵᠦ᠂ ᠡᠯ᠎ᠡ ᠵᠦᠢᠯ ᠤᠨ ᠬᠠᠷᠠᠭᠠᠯᠵᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠭᠰᠠᠨ ᠨᠣᠷᠮ᠎ᠠ 100% ᠳᠤ ᠬᠦᠷᠴᠡᠶ᠃ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠲᠠᠷᠠᠭᠠᠴᠢ ᠶᠢᠨ ᠠᠯᠬᠤᠮ ‍ᠤᠨ‌ᠠᠵᠢᠯ ᠳᠤ ᠦᠷᠭᠦᠯᠵᠢᠯᠡᠨ ᠬᠦᠴᠦᠯᠡᠬᠦ ᠳᠤ ᠰᠠᠭᠤᠷᠢ ᠲᠠᠯᠪᠢᠨ᠎ᠠ᠃      ᠲᠤᠰᠬᠠᠢ ᠤᠲᠠᠰᠦ ᠶᠢ ᠨᠡᠪᠲᠡᠷᠡᠭᠦᠯᠵᠦ ᠠᠰᠠᠭᠤᠳᠠᠯ ᠢ ᠰᠢᠢᠳᠪᠦᠷᠢᠯᠡᠵᠦ ᠠᠵᠤ ᠠᠬᠤᠢᠯᠠᠯ ᠢ ᠬᠠᠪᠰᠤᠷᠤᠨ ᠳᠠᠩᠰᠠ ᠨᠡᠭᠡᠭᠡᠵᠦ ᠠᠰᠢᠭ ᠬᠦᠷᠲᠡᠭᠡᠵᠡᠢ᠃ ᠰᠢᠨ᠎ᠡ ᠶᠢ ᠡᠭᠦᠳᠴᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢᠨ ᠦᠳᠳᠡᠷ ᠲᠦᠷᠭᠡᠨ ᠨᠡᠮᠡᠭᠳᠡᠵᠦ᠂ ᠠᠵᠤ ᠠᠬᠤᠢᠯᠠᠯ ᠤᠨ ᠨᠡᠢᠭᠡᠮ ᠤᠨ ᠪᠠᠲᠤᠯᠠᠭ᠎ᠠ ᠶᠢᠨ ᠰᠢᠨ᠎ᠡ ᠪᠠᠢᠭᠤᠯᠤᠭᠰᠠᠨ ᠳᠠᠩᠰᠠ ᠲᠠᠰᠤᠷᠠᠯᠲᠠ ᠦᠭᠡᠢ ᠨᠡᠮᠡᠭᠳᠡᠬᠦ ᠶᠢ ᠳᠠᠭᠠᠯᠳᠤᠨ᠂ ᠠᠵᠤ ᠠᠬᠤᠢᠯᠠᠯ ᠨᠢᠭᠡᠪᠦᠷᠢ ᠴᠥᠮ ᠨᠡᠢᠭᠡᠮ ᠤᠨ ᠪᠠᠲᠤᠯᠠᠭ᠎ᠠ ᠶᠢᠨ ᠰᠢᠨ᠎ᠡ ᠳᠠᠩᠰᠠ ᠪᠠᠢᠭᠤᠯᠬᠤ ᠶᠢ ᠪᠠᠲᠤᠯᠠᠵᠤ᠂ ᠠᠷᠠᠳ ᠣᠯᠠᠨ ᠤ ᠨᠡᠢᠭᠡᠮ ᠤᠨ ᠳᠠᠭᠠᠳᠭᠠᠯ ᠤᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠬᠦᠷᠲᠡᠬᠦ ᠳᠤ ᠳᠥᠭᠦᠮ ᠦᠵᠡᠭᠦᠯᠬᠦ ᠶᠢᠨ ᠲᠥᠯᠥᠭᠡ᠂ ᠴᠢᠩᠱᠠᠨ ᠲᠤᠭᠤᠷᠢᠭ ᠤᠨ ᠨᠡᠢᠭᠡᠮ ᠤᠨ ᠪᠠᠲᠤᠯᠠᠭ᠎ᠠ ᠶᠢᠨ ᠠᠵᠢᠯᠲᠠᠨ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠠᠰᠠᠭᠤᠨ ᠯᠠᠪᠯᠠᠬᠤ ᠭᠦᠢᠴᠡᠳᠭᠡᠬᠦ ᠴᠤᠪᠤᠷᠠᠯ ᠪᠠ ᠮᠠᠲ᠋ᠧᠷᠢᠶᠠᠯ ᠢ ᠭᠦᠢᠴᠡᠳᠭᠡᠬᠦ ᠳᠤ᠂ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠬᠦ ᠳᠦᠷᠢᠮ ᠢ ᠨᠠᠶᠢᠲᠠᠪᠦᠷᠢᠵᠢᠭᠤᠯᠬᠤ ᠶᠢᠨ ᠬᠠᠮᠲᠤ᠂ ᠲᠤᠬᠠᠶᠢᠯᠠᠭᠰᠠᠨ ᠠᠵᠢᠯ ᠤᠨ ᠬᠤᠶᠠᠷ ᠬᠡᠮᠵᠢᠯᠳᠤ ᠺᠤᠳ᠋᠂ ᠠᠷᠠᠳ ᠲᠤ ᠳᠥᠭᠦᠮ ᠦᠵᠡᠭᠦᠯᠬᠦ ︽ᠪᠢᠴᠢᠬᠠᠨ ᠨᠠᠶᠢᠲᠠᠪᠦᠷᠢᠲᠠᠢ︾ ᠵᠡᠷᠭᠡ ᠬᠡᠯᠪᠡᠷᠢ ᠪᠠᠷ ᠳᠠᠮᠵᠢᠭᠤᠯᠤᠨ ᠴᠠᠭ ᠲᠤᠬᠠᠢ ᠳᠤᠨᠢ ᠨᠡᠶᠢᠲᠡᠯᠡᠵᠦ᠂ ︽ᠢᠲᠡᠭᠡᠮᠵᠢ + ᠳᠤᠲᠠᠭᠳᠠᠯ ᠲᠠᠢ︾ ᠳᠦᠷᠢᠮ ᠢ ᠨᠠᠢᠳᠠᠪᠤᠷᠢᠵᠢᠭᠤᠯᠵᠤ᠂ ᠲᠤᠬᠠᠢᠯᠠᠭᠰᠠᠨ ᠠᠵᠢᠯ ᠢ ᠭᠦᠢᠴᠡᠳᠭᠡᠬᠦ ᠳᠡᠭᠡᠨ ᠵᠠᠩᠭᠢᠯᠠᠭ᠎ᠠ ᠶᠢᠨ ᠪᠤᠰᠤ ᠮᠠᠲ᠋ᠧᠷᠢᠶᠠᠯ ᠳᠤᠲᠠᠵᠤ᠂ ᠠᠵᠤ ᠠᠬᠤᠢᠯᠠᠯ ᠤᠨ ᠢᠲᠡᠭᠡᠮᠵᠢ ᠨᠢ ᠪᠠᠷᠢᠮᠵᠢᠶ᠎ᠠ ᠳᠤ ᠬᠦᠷᠪᠡᠯ᠂ ᠠᠵᠤ ᠠᠬᠤᠢᠯᠠᠯ ᠤᠨ ᠴᠠᠭ ᠬᠤᠭᠤᠴᠠᠭ᠎ᠠ ᠪᠠ ᠣᠶᠤᠨ ᠴᠢᠳᠠᠯ ᠢ ᠶᠡᠭᠡ ᠪᠠᠷ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2024 ᠣᠨ ᠤ 1-4  ᠳ᠋ᠦ᠋ᠭᠡᠷ ᠰᠠᠷ᠎ᠠ ᠪᠣᠯᠲᠠᠯ᠎ᠠ‌‍ᠰᠢᠨ᠎ᠡ ᠳᠠᠩᠰᠠ‌‍ᠪᠠᠶᠢᠭᠤᠯᠤᠭᠰᠠᠨ ᠠᠵᠤ ᠠᠬᠤᠶᠢᠯᠠᠯ 232 ᠡᠷᠦᠬᠡ ᠪᠠᠶᠢᠵᠤ᠂ ᠰᠠᠷ᠎ᠠ ᠪᠦᠷᠢ ᠳᠤᠮᠳᠠᠴᠢ ᠪᠠᠷ ᠰᠢᠨ᠎ᠡ ᠪᠠᠷ ᠪᠠᠶᠢᠭᠤᠯᠤᠭᠰᠠᠨ ᠡᠷᠦᠬᠡ 58 ᠲᠡᠭᠰᠢᠳᠭᠡᠵᠡᠢ᠃      ᠴᠤᠪᠤᠷᠠᠯ ᠢ ᠰᠢᠯᠢᠳᠡᠭᠵᠢᠭᠦᠯᠦᠨ ᠴᠠᠭ ᠤᠨ ᠬᠢᠵᠠᠭᠠᠷ ᠢ ᠪᠣᠭᠤᠨᠢᠰᠬᠠᠵᠤ᠂ ᠰᠢᠯᠵᠢᠭᠦᠯᠦᠨ ᠵᠠᠯᠭᠠᠵᠤ ᠰᠦᠯᠵᠢᠶᠡᠨ ᠳᠡᠭᠡᠷ᠎ᠡ ᠭᠦᠢᠴᠡᠳᠬᠡᠨ᠎ᠡ᠃ ︽ᠨᠢᠭᠡ ᠶᠠᠪᠤᠳᠠᠯ ᠢ ᠳᠠᠭᠠᠭᠠᠴᠢᠯᠠᠨ ᠭᠦᠢᠴᠡᠳᠬᠡᠬᠦ︾ ᠶᠢ ᠨᠠᠶᠢᠳᠠᠪᠤᠷᠢᠵᠢᠭᠤᠯᠤᠭᠰᠠᠨ ᠠᠴᠠ ᠨᠠᠰᠢ᠂ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠨᠢᠭᠡ ᠯᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠵᠦ᠂ ᠨᠢᠭᠡ ᠯᠡ ᠥᠷᠲᠡᠭᠡᠨ ᠤ ᠮᠠᠶ᠋ᠢᠭ ᠢᠶᠠᠷ ᠪᠣᠶ ᠪᠥᠬᠦᠶ ᠠᠰᠠᠭᠤᠳᠠᠯ ᠢ ᠰᠢᠢᠳᠪᠦᠷᠢᠯᠡᠪᠡ᠃ ᠮᠤᠵᠢ ᠠᠯᠤᠰᠯᠠᠨ ᠰᠢᠯᠵᠢᠭᠦᠯᠬᠦ ᠲᠤᠰᠢᠶᠠᠭᠰᠠᠨ ᠤ ᠳᠠᠷᠠᠭ᠎ᠠ 24 ᠴᠠᠭ ᠤᠨ ᠳᠣᠲᠣᠷ᠎ᠠ ᠰᠢᠯᠵᠢᠭᠦᠯᠦᠨ ᠣᠷᠣᠭᠤᠯᠵᠤ᠂ ᠭᠦᠢᠴᠡᠳᠭᠡᠬᠦ ᠴᠠᠭ ᠤᠨ ᠬᠢᠵᠠᠭᠠᠷ ᠢ ᠨᠠᠩ ᠴᠤ 45 ᠠᠵᠢᠯᠯᠠᠬᠤ ᠡᠳᠦᠷ ᠠᠴᠠ 15 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠭᠦᠢᠴᠡᠳᠭᠡᠬᠦ ᠠᠬᠢᠴᠠ ᠶᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠵᠤ ᠪᠣᠯᠤᠨ᠎ᠠ᠂ ᠭᠠᠷ ᠤᠲᠠᠰᠤ ᠪᠠᠷ ᠲᠦᠷᠭᠡᠨ ᠭᠦᠢᠴᠡᠳᠭᠡᠬᠦ ᠶᠢ ᠦᠨᠡᠨ ᠬᠦ ᠪᠡᠶᠡᠯᠡᠭᠦᠯᠵᠡᠶ᠃ 2024 ᠣᠨ ᠤ 1-4 ᠳ᠋ᠦ᠋ᠭᠡᠷ ᠰᠠᠷ᠎ᠠ ᠪᠣᠯᠲᠠᠯ᠎ᠠ᠂ ᠨᠢᠭᠡᠨᠲᠡ 82 ᠬᠤᠪᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠪᠠ᠃ ᠡᠭᠦᠨ ᠠᠴᠠ ᠭᠠᠳᠠᠨ᠎ᠠ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠲᠤᠬᠠᠶᠢᠯᠠᠭᠰᠠᠨ ᠠᠵᠢᠯ ᠤᠨ ᠴᠤᠪᠤᠷᠠᠯ ᠢᠶᠠᠨ ᠴᠠᠭ ᠲᠤᠬᠠᠶ ᠳᠤᠨᠢ ᠮᠥᠷᠳᠡᠨ ᠰᠢᠯᠵᠢᠭᠦᠯᠵᠦ᠂ ᠰᠢᠯᠵᠢᠭᠦᠯᠬᠦ ᠡᠬᠡ ᠲᠠᠩᠰᠠ ᠶᠢ ᠪᠠᠶᠢᠭᠤᠯᠤᠨ᠂ ᠨᠥᠭᠦᠭᠡ ᠲᠠᠯ᠎ᠠ ᠶᠢᠨ ᠭᠠᠷᠲᠠᠨ ᠭᠦᠢᠴᠡᠳᠭᠡᠬᠦ ᠰᠠᠯᠠᠭ᠎ᠠ ᠮᠥᠴᠢᠷ ᠲᠠᠢ ᠵᠣᠯᠭᠠᠭᠤᠯᠵᠤ᠂ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠰᠢᠯᠵᠢᠭᠦᠯᠦᠨ ᠦᠷᠭᠦᠯᠵᠢᠯᠡᠭᠦᠯᠬᠦ ᠠᠵᠢᠯ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠪᠠ᠃      ᠴᠢᠩᠱᠠᠨ ᠲᠤᠭᠤᠷᠢᠭ ᠤᠨ ᠨᠡᠶᠢᠭᠡᠮ ᠤᠨ ᠪᠠᠲᠤᠯᠠᠪᠤᠷᠢ ᠨᠢ ᠬᠡᠷᠡᠭ ᠶᠠᠪᠤᠳᠠᠯ ᠭᠦᠢᠴᠡᠳᠭᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠰᠦᠯᠵᠢᠶᠡᠨ ᠳᠡᠭᠡᠷᠡᠬᠢ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠦᠨ ᠳᠡᠯᠭᠡᠷᠡᠭᠦᠯᠵᠦ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ᠂ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ︽ᠠᠷᠠᠳ ᠲᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ︾ ᠠᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号