ᠡᠮᠦᠨ᠎ᠡ 4 ᠰᠠᠷ᠎ᠠ ᠳᠤ ᠴᠢᠩᠱᠠᠨ ᠲᠣᠭᠤᠷᠢᠭ ᠤᠨ ᠠᠵᠤ ᠠᠬᠤᠢ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠬᠦᠭᠵᠢᠪᠡ
ᠨᠡᠶᠢᠲᠡᠯᠡᠭᠰᠡᠨ ᠴᠠᠭ᠄
2024/5/23
      ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠢ ᠠᠳᠬᠤᠬᠤ᠂ ᠬᠡᠷᠡᠭᠯᠡᠭᠡ ᠶᠢ ᠠᠬᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠵᠡᠷᠭᠡ ᠤᠯᠠᠨ ᠲᠠᠯ᠎ᠠ ᠪᠠᠷ ᠬᠢᠯᠠᠰ ᠴᠡᠭ ᠢ ᠢᠯᠡᠷᠡᠭᠦᠯᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠵᠣᠬᠢᠰᠲᠠᠢ ᠬᠡᠪᠴᠢᠶᠡᠨ ᠳᠤ ᠪᠠᠶᠢᠨ᠎ᠠ᠃ 1 - 4 ᠳ᠋ᠦ᠋ᠭᠡᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20%᠎ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 15.5 ᠵᠠᠭᠤᠨ ᠤ ᠴᠡᠭ ᠲᠦᠷᠭᠡᠨ ᠨᠡᠮᠡᠭᠳᠡᠵᠦ᠂ ᠪᠥᠬᠦ ᠬᠤᠲᠠ ᠶᠢᠨ 5.1 ᠵᠠᠭᠤᠨ ᠤ ᠴᠡᠭ ᠥᠨᠳᠥᠷ ᠪᠣᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.8%᠎ ᠪᠠᠷ ᠨᠡᠮᠡᠭᠳᠡᠵᠦ᠂ ᠪᠦᠬᠦ ᠬᠤᠲᠠ ᠶᠢᠨ 8.8 ᠵᠠᠭᠤᠨ ᠤ ᠨᠢᠭᠡᠴᠢ ᠠᠴᠠ ᠥᠨᠳᠥᠷ ᠪᠣᠯᠵᠤ᠂ ᠨᠢᠭᠡᠳᠦᠭᠡᠷ ᠤᠯᠠᠷᠢᠯ ᠤᠨ ᠬᠢ ᠠᠴᠠ 1᠎ ᠪᠠᠷ ᠤᠷᠤᠭᠰᠢᠯᠠᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4%᠎ ᠪᠠᠷ ᠨᠡᠮᠡᠭᠳᠡᠨ᠂ ᠪᠥᠬᠦ ᠬᠤᠲᠠ ᠶᠢᠨ 1.9 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠪᠥᠬᠦ ᠬᠤᠲᠠ ᠶᠢᠨ ᠲᠡᠷᠢᠭᠦᠨ ᠳᠤ ᠲᠣᠭᠲᠠᠭᠤᠨ ᠪᠣᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号