ᠬᠤᠰᠢᠭᠤᠴᠢ ᠵᠠᠮ ᠤᠨ ᠵᠡᠭᠡᠯᠢ ᠭᠤᠳᠤᠮᠵᠢ ᠢᠷᠭᠡᠨ ᠤ ᠬᠠᠤᠯᠢ ᠶᠢᠨ ᠪᠢᠴᠢᠭ ᠤᠨ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2024/5/27
      ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠬᠠᠤᠯᠢ ᠪᠠᠷ ᠵᠠᠰᠠᠬᠤ ᠬᠦᠴᠦᠨ ᠨᠡᠮᠡᠷᠢᠯᠡᠵᠦ᠂ ᠨᠡᠶᠢᠭᠡᠮ ᠲᠣᠭᠤᠷᠢᠭ ᠤᠨ ᠬᠠᠤᠯᠢ ᠪᠠᠷ ᠵᠠᠰᠠᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠳ᠋ᠦᠩ ᠰᠢᠨ ᠢᠦᠶ ᠬᠠᠤᠯᠢᠴᠢ ᠶᠢᠨ ᠭᠠᠵᠠᠷ ᠤᠨ ᠡᠷᠬᠢᠯᠡᠭᠴᠢ ᠶᠢ ᠤᠷᠢᠵᠤ᠂ ᠠᠵᠢᠯᠲᠠᠨ ᠪᠠ ᠰᠠᠭᠤᠭᠠᠯᠢ ᠠᠷᠠᠳ ᠲᠤ ︽ᠢᠷᠭᠡᠨ ᠤ ᠬᠠᠤᠯᠢ ᠶᠢᠨ ᠪᠢᠴᠢᠭ︾᠎ ᠤᠨ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠪᠡ᠃      ᠲᠠᠶᠢᠯᠤᠮᠵᠢ ᠳᠤ᠂ ᠬᠠᠤᠯᠢᠴᠢ ᠠᠴᠠ ᠡᠳᠦᠷ ᠲᠤᠲᠤᠮ ᠤᠨ ᠠᠵᠢᠯ ᠪᠠ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ ᠠᠴᠠ ᠡᠭᠦᠰᠴᠦ᠂ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾᠎ ᠪᠠᠷ ᠳᠠᠮᠵᠢᠭᠤᠯᠤᠨ᠂ ᠬᠡᠷ ᠪᠠᠶᠢᠰᠢᠩ ᠬᠤᠳᠠᠯᠳᠤᠨ ᠠᠪᠬᠤ᠂ ᠢᠨᠠᠭᠯᠠᠬᠤ ᠤᠷᠤᠭ ᠤᠨ ᠦᠨᠡᠨᠴᠢ ᠰᠢᠳᠤᠷᠭᠤ᠂ ᠡᠷ᠎ᠡ ᠡᠮ᠎ᠡ ᠬᠤᠶᠠᠭᠤᠯᠠ ᠶᠢᠨ ᠡᠷᠬᠡ ᠠᠰᠢᠭ ᠡᠭᠦᠷᠭᠡ ᠵᠡᠷᠭᠡ ︽ᠢᠷᠭᠡᠨ ᠤ ᠬᠠᠤᠯᠢ ᠶᠢᠨ ᠪᠢᠴᠢᠭ︾᠎ ᠤᠨ ᠦᠨᠡᠨᠴᠢ ᠢᠲᠡᠭᠡᠮᠵᠢ ᠶᠢᠨ ᠵᠠᠷᠴᠢᠮ ᠪᠠ ᠬᠠᠤᠯᠢ ᠲᠣᠭᠲᠠᠭᠠᠯ ᠤᠨ ᠵᠦᠢᠯ ᠵᠤᠷᠪᠤᠰ ᠤᠨ ᠬᠠᠮᠢᠶ᠎ᠠ ᠪᠥᠬᠦᠶ ᠠᠭᠤᠯᠭ᠎ᠠ ᠳᠤ ᠲᠠᠶᠢᠯᠤᠮᠵᠢ ᠬᠢᠪᠠ᠃ ᠬᠡᠷᠡᠭ ᠤᠨ ᠵᠢᠱᠢᠶ᠎ᠡ ᠦᠨᠡᠨ ᠪᠣᠳᠠᠲᠠᠢ᠂ ᠠᠮᠢᠳᠤᠯᠢᠭ᠂ ᠣᠢᠯᠠᠭᠠᠬᠤ ᠳᠤ ᠳᠥᠭᠦᠮ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠬᠠᠤᠯᠢᠴᠢ ᠎ ᠠᠴᠠ ᠪᠠᠰᠠ ᠰᠠᠭᠤᠭᠠᠯᠢ ᠠᠷᠠᠳ ᠪᠠ ᠠᠵᠢᠯᠲᠠᠨ ᠤ ᠳᠤᠷᠠᠳᠤᠭᠰᠠᠨ ᠬᠤᠯᠪᠣᠭᠳᠠᠯ ᠪᠦᠬᠦᠢ ᠭᠡᠷᠢᠶᠡᠰ ᠤᠨ ᠠᠯᠪᠠᠨ ᠭᠡᠷᠡᠴᠢᠯᠡᠭᠡ᠂ ᠭᠡᠷ᠎ᠡ ᠶᠢᠨ ᠵᠢᠭᠤᠷᠠᠯᠳᠤᠭᠠᠨ᠂ ᠡᠳ᠋ ᠬᠥᠷᠥᠩᠭᠡ ᠶᠢ ᠬᠤᠪᠢᠶᠠᠬᠤ ᠵᠡᠷᠭᠡ ᠠᠰᠠᠭᠤᠳᠠᠯ ᠳᠤ ᠲᠠᠶᠢᠯᠪᠦᠷᠢᠯᠠᠯᠲᠠ ᠬᠢᠪᠡ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠳᠤ ︽ᠢᠷᠭᠡᠨ ᠤ ᠬᠠᠤᠯᠢ ᠶᠢᠨ ᠪᠢᠴᠢᠭ︾᠎ ᠤᠨ ᠲᠤᠬᠠᠶ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠰᠠᠭᠤᠭᠠᠯᠢ ᠠᠷᠠᠳ ᠲᠤ ︽ᠢᠷᠭᠡᠨ ᠤ ᠬᠠᠤᠯᠢ ᠶᠢᠨ ᠪᠢᠴᠢᠭ︾᠎ ᠤᠨ ᠡᠳᠦᠷ ᠲᠤᠲᠤᠮ ᠤᠨ ᠠᠮᠢᠳᠤᠷᠠᠯ ᠳᠤ ᠥᠷᠭᠡᠨ ᠢᠶᠠᠷ ᠬᠡᠷᠡᠭᠯᠡᠭᠳᠡᠭᠰᠡᠨ ᠢ ᠭᠦᠨᠵᠡᠭᠡᠶ ᠲᠠᠨᠢᠭᠤᠯᠪᠠ᠃ ᠬᠤᠶᠢᠰᠢᠳᠠ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠠᠵᠢᠯᠯᠠᠭ᠎ᠠ ᠶᠢᠨ ᠬᠡᠯᠪᠡᠷᠢ ᠪᠠᠨ ᠦᠷᠭᠦᠯᠵᠢᠯᠡᠨ ᠪᠠᠶᠠᠯᠢᠭᠵᠢᠭᠤᠯᠵᠤ᠂ ᠬᠠᠤᠯᠢᠵᠢᠯ ᠤᠨ ᠤᠬᠠᠭᠤᠯᠤᠨ ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠬᠤ ᠵᠡᠷᠭᠡ ᠤᠯᠠᠨ ᠡᠰᠢᠲᠦ ᠤᠯᠠᠨ ᠠᠷᠭ᠎ᠠ ᠵᠠᠮ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠬᠠᠤᠯᠢᠵᠢᠯ ᠤᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号