ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ  ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/30
      ᠬᠠᠷᠢᠶᠠᠲᠤ ᠣᠷᠣᠨ ᠤ ᠳᠣᠲᠣᠷᠠᠬᠢ ᠵᠢᠵᠢᠭ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ ᠠᠴᠠ 28 ᠤ ᠡᠳᠦᠷ ᠪᠣᠯᠲᠠᠯ᠎ᠠ ᠰᠢᠩ ᠱᠧᠩ ᠪᠠᠯᠭᠠᠰᠤ 35 ᠡᠷᠦᠬᠡ ᠶᠢ ᠪᠠᠶᠢᠴᠠᠭᠠᠵᠤ᠂ 22 ᠵᠤᠷᠪᠤᠰ ᠳᠠᠯᠳᠠ ᠬᠡᠮ ᠢ ᠢᠯᠡᠷᠡᠭᠦᠯᠵᠡᠶ᠃ ᠣᠯᠵᠤ ᠮᠡᠳᠡᠭᠰᠡᠨ ᠳᠠᠯᠳᠠ ᠭᠡᠮ ᠲᠠᠢ ᠠᠰᠠᠭᠤᠳᠠᠯ ᠢ ᠨᠢᠭᠡᠨᠲᠡ ᠳᠠᠷᠦ᠋ᠢᠬᠠᠨ ᠴᠡᠭᠴᠡᠯᠡᠨ ᠵᠠᠰᠠᠬᠤ ᠶᠢ ᠱᠠᠭᠠᠷᠳᠠᠪᠠ᠃      ᠨᠢᠭᠡ ᠳᠤ᠂ ᠵᠢᠵᠢᠭ ᠠᠵᠤ ᠠᠬᠤᠶᠢᠯᠠᠯ ᠢ ᠲᠣᠰ ᠪᠡᠶ᠎ᠡ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠬᠠᠮᠢᠶ᠎ᠠ ᠪᠥᠬᠦᠶ ᠡᠬᠡ ᠲᠠᠩᠰᠠ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ᠂ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠪᠠ ᠲᠦᠭᠰᠢᠭᠦᠷᠢ ᠶᠢᠨ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠠᠵᠤ ᠠᠬᠤᠶᠢᠯᠠᠯ ᠢ ᠪᠣᠳᠠᠲᠤ ᠪᠠᠶᠢᠳᠠᠯ ᠳᠤ ᠴᠢᠭᠯᠡᠭᠦᠯᠦᠨ ᠠᠳᠡᠯ ᠤᠨ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠠᠵᠢᠯ ᠢ ᠥᠷᠨᠢᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠰᠢᠩ ᠱᠧᠩ ᠪᠠᠯᠭᠠᠰᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠪᠲᠠᠨ ᠪᠠᠶᠢᠴᠠᠭᠠᠵᠤ᠂ ᠵᠢᠵᠢᠭ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠣᠨᠴᠠ ᠲᠦᠷᠦᠯ ᠤᠨ ᠠᠵᠢᠯᠯᠠᠭᠴᠢ ᠶᠢᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠪᠠᠶᠢᠳᠠᠯ᠂ ᠵᠢᠵᠢᠭ ᠠᠵᠤ ᠠᠬᠤᠶᠢᠯᠠᠯ ᠤᠨ ᠳᠣᠲᠣᠷᠠᠬᠢ ᠭᠠᠯ ᠤᠨᠲᠠᠷᠠᠭᠠᠬᠤ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠭᠰᠡᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠱᠠᠯᠠᠪᠳᠠᠭᠤᠯᠵᠦ᠂ ᠮᠠᠨ ᠤ ᠪᠠᠯᠭᠠᠰᠤᠨ ᠤ ᠵᠢᠵᠢᠭ ᠪᠢᠴᠢᠯ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号