ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 9 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/5/30
      ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠪᠥᠬᠦ ᠠᠷᠠᠳ ᠤᠨ ᠬᠠᠤᠯᠢ ᠲᠦᠭᠡᠮᠡᠯᠵᠢᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠬᠠᠤᠯᠢᠵᠢᠯ ᠤᠨ ᠴᠢᠩᠱᠠᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 24 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 9 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠴᠢᠶᠠᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ ᠪᠦᠬᠦ ᠲᠤᠭᠤᠷᠢᠭ ᠤᠨ ᠡᠯ᠎ᠡ ᠨᠢᠭᠡᠴᠡ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ 80 ᠭᠠᠷᠤᠢ ᠬᠥᠮᠦᠨ ᠲᠤᠰ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠰᠤᠷᠤᠯᠴᠠᠯᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠠᠰᠫᠢᠷᠠᠨᠲ ᠤᠨ ᠵᠢᠯᠣᠭᠤᠳᠣᠭᠴᠢ ᠪᠠᠭᠰᠢ  ᠶᠢ ᠤᠷᠢᠵᠤ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠤᠶ᠎ᠠ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠬᠤᠷᠠᠯ ᠳᠡᠭᠡᠷ᠎ᠡ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠷᠢᠯᠳᠦᠭᠦᠯᠬᠦ ᠬᠥᠭᠵᠢᠯᠲᠡ ᠶᠢᠨ ᠴᠠᠭ ᠦᠶ᠎ᠡ ᠶᠢᠨ ᠠᠬᠤᠢ ᠪᠠᠶᠢᠳᠠᠯ ᠪᠣᠯᠤᠨ ᠯᠣᠭᠢᠭ᠂ ᠢᠯᠡ ᠲᠣᠳᠣ ᠣᠨᠴᠠᠯᠢᠭ᠂ ᠴᠢᠬᠤᠯᠠ ᠶᠡᠭᠡ ᠠᠴᠢ ᠬᠤᠯᠪᠣᠭᠳᠠᠯ᠂ ᠤᠨᠤᠯ ᠤᠨ ᠰᠢᠰᠲ᠋ᠧᠮ᠂ ᠭᠤᠣᠯ ᠴᠢᠬᠤᠯᠠ ᠠᠭᠤᠯᠭ᠎ᠠ ᠵᠡᠷᠭᠡ ᠲᠠᠪᠤᠨ ᠲᠠᠯ᠎ᠠ ᠶᠢᠨ ᠲᠣᠭᠤᠷᠢᠨ ᠳᠤ ᠤᠯᠠᠨ ᠳᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠭᠦᠨᠵᠡᠭᠡᠢ ᠠᠭᠤᠯᠤᠭᠳᠠᠬᠤᠨ ᠵᠢᠴᠢ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠬᠤ ᠳᠤ ᠦᠵᠡᠭᠦᠯᠬᠦ ᠬᠦᠳᠦᠯᠦᠨ ᠳᠠᠭᠠᠭᠤᠯᠬᠤ ᠦᠢᠯᠡᠳᠦᠯ ᠵᠢᠴᠢ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ᠂ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠡᠭᠦᠨ ᠤ ᠬᠠᠮᠲᠤ ᠪᠠᠰᠠ ᠤᠯᠠᠨ ᠳᠤ ᠬᠠᠤᠯᠢ ᠶᠢ ᠬᠡᠷᠡᠭᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠪᠠ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠡᠷᠬᠢᠮ ᠨᠠᠨᠳᠢᠨ ᠲᠤᠯᠢᠯᠠᠯ ᠬᠠᠩᠭᠠᠵᠠᠢ᠃      ᠬᠤᠷᠠᠯ ᠠᠴᠠ᠂ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠤ ᠪᠦᠬᠦ ᠶᠠᠪᠤᠴᠠ ᠳᠤ ᠲᠤᠤᠱᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠳᠠ ᠶᠢᠨ ᠨᠠᠮ ᠤᠨ ᠬᠤᠷᠢᠶ᠎ᠠ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号