ᠬᠤᠰᠢᠭᠤ ᠰᠢᠶᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠮᠵᠢᠵᠦ | ᠬᠠᠪᠰᠤᠷᠤᠨ ᠲᠡᠳᠬᠦᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠵᠠᠬᠢᠷᠤᠯ ᠤᠨ ᠰᠤᠷᠭᠠᠭᠤᠯᠢ | ᠡᠷᠭᠢᠯᠡᠵᠦ ᠰᠤᠷᠭᠠᠭᠤᠯᠢ ᠶᠢ ᠵᠠᠰᠠᠬᠤ ᠴᠢᠳᠠᠪᠤᠷᠢ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠂ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠳᠤᠮᠳᠠᠳᠤ ᠪᠠᠭ᠎ᠠ ᠰᠤᠷᠭᠠᠭᠤᠯᠢ | ᠬᠢᠭᠡᠳ ᠬᠤᠲᠠ ᠲᠣᠭᠤᠷᠢᠭ ᠤᠨ ᠰᠤᠷᠭᠠᠭᠤᠯᠢ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠢᠳᠡᠷ ᠵᠠᠯᠠᠭᠤ ᠪᠠᠭᠰᠢ ᠨᠠᠷ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠵᠢᠭᠦᠯᠬᠦ ᠲᠥᠰᠦᠯ ︵2022 - 2025 ᠣᠨ︶ ᠤᠨ ᠮᠡᠳᠡᠭᠳᠡᠯ︾ ᠢ | ᠦᠨᠳᠦᠰᠦᠯᠡᠨ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ | ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠲᠤᠰᠬᠠᠶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠵᠣᠬᠢᠴᠠᠩᠭᠤᠶ ᠬᠥᠭᠵᠢᠯᠲᠡ ᠳᠤ ᠬᠦᠴᠦᠨ ᠨᠡᠮᠡᠷᠢᠯᠡᠪᠡ᠃ | ᠨᠢᠭᠡ ᠳᠤ᠂ ᠵᠠᠷᠤᠳᠠᠯ ᠤᠨ ᠪᠠᠲᠤᠯᠠᠭ᠎ᠠ ᠶᠢᠨ ᠲᠠᠯ᠎ᠠ ᠪᠠᠷ ᠬᠦᠴᠦ ᠲᠠᠯᠪᠢᠵᠤ᠂ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠴᠢᠩᠱᠠᠨ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ᠠᠴᠠ 2024 ᠣᠨ ᠤ ᠰᠢᠯᠢᠳᠡᠭ ᠢᠳᠡᠷ ᠵᠠᠯᠠᠭᠤ ᠪᠠᠭᠰᠢ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠰᠤᠷᠭᠠᠨ ᠬᠥᠮᠦᠵᠢᠯ ᠢ ᠳᠡᠮᠵᠢᠬᠦ | ᠨᠥᠬᠦᠪᠦᠷᠢ ᠶᠢᠨ ᠪᠡᠯᠡ ᠮᠥᠩᠭᠦ ᠶᠢ 100.5 ᠲᠦᠮᠡᠨ ᠲᠥᠭᠦᠷᠢᠭ ᠪᠠᠭᠤᠯᠭᠠᠵᠤ᠂ ᠰᠤᠷᠭᠠᠨ ᠬᠥᠮᠦᠵᠢᠯ ᠢ ᠳᠡᠮᠵᠢᠬᠦ | 35 ᠪᠠᠭᠰᠢ ᠶᠢᠨ ᠠᠮᠢᠳᠤᠷᠠᠯ ᠤᠨ ᠨᠥᠬᠦᠪᠦᠷᠢ ᠶᠢ ᠲᠠᠷᠬᠠᠭᠠᠬᠤ ᠳᠤ ᠬᠡᠷᠡᠭᠯᠡᠵᠦ᠂ ᠨᠥᠬᠦᠪᠦᠷᠢ ᠶᠢᠨ ᠪᠠᠷᠢᠮᠵᠢᠶ᠎ᠠ ᠶᠢ | ᠬᠥᠮᠦᠨ ᠪᠦᠷᠢ ᠵᠢᠯ ᠳᠤ 3 ᠲᠦᠮᠡᠨ ᠲᠥᠭᠦᠷᠢᠭ ᠣᠯᠭᠤᠨ᠎ᠠ᠃ ᠲᠣᠰ ᠤᠳᠠᠭᠠᠨ ᠤ ᠪᠠᠯᠠ ᠮᠥᠩᠭᠦ ᠶᠢ | ᠪᠠᠭᠤᠯᠭᠠᠭᠰᠠᠨ ᠨᠢ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠨᠢᠭᠡ ᠴᠣᠭᠴᠠᠵᠢᠭᠰᠠᠨ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ | ᠬᠤᠶᠠᠷ ᠲᠤ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠦᠴᠦᠯᠡᠵᠦ᠂ ᠰᠤᠷᠭᠠᠨ | ᠬᠥᠮᠦᠵᠢᠯ ᠤᠨ ᠲᠤᠰᠬᠠᠶ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠡᠯᠡ | ᠮᠦᠩᠭᠦ ᠶᠢ ᠬᠠᠮᠢᠶᠠᠷᠬᠤ ᠪᠠ ᠬᠡᠷᠡᠭᠯᠡᠬᠦ ᠶᠢᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠡᠯᠡ | ᠮᠦᠩᠭᠦ ᠶᠢᠨ ᠵᠠᠷᠤᠯᠭ᠎ᠠ ᠶᠢᠨ ᠠᠬᠢᠴᠠ ᠶᠢ ᠱᠠᠯᠠᠪᠳᠠᠭᠤᠯᠤᠨ᠂ ᠡᠳ᠋ ᠤᠨ ᠵᠠᠰᠠᠭ ᠤᠨ ᠪᠡᠯᠡ ᠮᠦᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠤᠰᠠᠯᠠᠮᠵᠢ ᠶᠢᠨ ᠪᠡᠯᠡ ᠮᠦᠩᠭᠦ ᠶᠢ ᠴᠠᠭ ᠲᠣᠬᠠᠢ ᠳᠤᠨᠢ | ᠰᠤᠷᠭᠠᠨ ᠬᠦᠮᠦᠵᠢᠯ ᠢ ᠳᠡᠮᠵᠢᠬᠦ ᠪᠠᠭᠰᠢ ᠶᠢᠨ ᠲᠣᠮᠢᠯᠠᠭᠰᠠᠨ ᠰᠤᠷᠭᠠᠭᠤᠯᠢ ᠳᠤ ᠪᠠᠭᠤᠯᠭᠠᠨ᠂ ᠲᠤᠰᠠᠯᠠᠮᠵᠢ ᠶᠢᠨ ᠪᠡᠯᠡ | ᠮᠦᠩᠭᠦ ᠶᠢ ᠴᠠᠭ ᠲᠣᠬᠠᠢ ᠳᠤᠨᠢ ᠭᠦᠢᠴᠡᠳ ᠲᠤᠭ᠎ᠠ ᠪᠠᠷ ᠲᠣᠬᠢᠷᠠᠭᠤᠯᠵᠤ ᠬᠠᠪᠰᠤᠷᠤᠨ ᠲᠡᠳᠭᠦᠬᠦ ᠰᠢᠯᠢᠳᠡᠭ ᠰᠤᠷᠭᠠᠨ | ᠬᠦᠮᠦᠵᠢᠯ ᠤᠨ ᠴᠢᠳᠠᠪᠤᠷᠢᠲᠠᠨ ᠳᠤ ᠣᠯᠭᠤᠬᠤ ᠶᠢ ᠦᠨᠡᠨᠬᠦ ᠪᠠᠲᠤᠯᠠᠪᠠ᠃ | ᠭᠤᠷᠪᠠ ᠳᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠠᠯ᠎ᠠ ᠪᠠᠷ ᠬᠦᠴᠦᠯᠡᠵᠦ᠂ ᠲᠥᠰᠦᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠮᠵᠢᠯᠲᠠ ᠪᠦᠲᠦᠮᠵᠢ ᠶᠢᠨ | ᠬᠠᠷᠠᠯᠲᠠ ᠶᠢ ᠴᠢᠩᠭᠠᠳᠬᠠᠨ᠎ᠠ᠃ ︽ᠪᠡᠯᠡ ᠮᠥᠩᠭᠦ ᠶᠢᠨ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ︾ | ᠵᠠᠷᠴᠢᠮ ᠢ ᠪᠠᠷᠢᠮᠲᠠᠯᠠᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠵᠢᠷᠤᠮᠯᠠᠨ᠂ | ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠪᠡᠯᠡ ᠮᠥᠩᠭᠦ ᠶᠢᠨ ᠲᠥᠰᠦᠪ ᠤᠨ | ᠬᠤᠪᠢᠶᠠᠷᠢᠯᠠᠯᠲᠠ ᠪᠠᠭᠤᠯᠭᠠᠬᠤ᠂ ᠪᠡᠯᠡ ᠮᠥᠩᠭᠦ ᠰᠠᠯᠭᠠᠨ ᠥᠭᠬᠦ ᠪᠦᠬᠦ ᠶᠠᠪᠤᠴᠠ ᠶᠢᠨ ᠬᠢᠨᠠᠨ ᠡᠵᠡᠮᠳᠡᠬᠦ ᠶᠢ | ᠴᠢᠩᠭᠠᠳᠬᠠᠪᠠ᠃ | | | | | | |