ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠣᠨ ᠤ ᠳᠠᠩᠰᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/5/6
      ᠣᠷᠣᠯᠠᠨ ᠳᠠᠩᠰᠠᠯᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ︽ᠣᠷᠣᠯᠠᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 98 ᠳ᠋ᠤᠭᠠᠷ ᠲᠣᠭᠠᠲᠤ︶ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠭᠤᠯᠤᠨ ᠪᠠᠶᠢᠷᠢᠯᠠᠭᠤᠯᠬᠤ ᠶᠢ ᠢᠳᠡᠪᠬᠢᠲᠡᠢ ᠰᠠᠶᠢᠲᠤᠷ ᠬᠢᠵᠦ᠂ ᠣᠲᠣ ᠪᠣᠯᠲᠠᠯ᠎ᠠ ᠪᠥᠬᠦ ᠲᠤᠭᠤᠷᠢᠭ ᠤᠨ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠣᠨ ᠤ ᠳᠠᠩᠰᠠᠯᠠᠬᠤ ᠠᠵᠢᠯ ᠠᠮᠵᠢᠯᠲᠠ ᠲᠠᠢ ᠲᠡᠭᠦᠰᠪᠡ᠃       ᠨᠢᠭᠡ ᠳᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠠᠶᠢᠲᠤᠷ ᠬᠢᠨ᠎ᠡ᠃ ︽2024 ᠣᠨ ᠤ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠣᠨ ᠤ ᠳᠠᠩᠰᠠᠯᠠᠬᠤ ᠠᠵᠢᠯ ᠢ ᠰᠠᠶᠢᠲᠤᠷ ᠬᠢᠬᠦ ᠲᠤᠬᠠᠢ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ᠢ ᠴᠠᠭ ᠲᠤᠬᠠᠢ ᠳᠤᠨᠢ ᠨᠡᠶᠢᠲᠡᠯᠡᠵᠦ᠂ ᠪᠢᠴᠢᠭ ᠮᠠᠲ᠋ᠧᠷᠢᠶᠠᠯ ᠳᠤ ᠳᠠᠩᠰᠠᠯᠠᠬᠤ ᠴᠠᠭ ᠬᠤᠭᠤᠴᠠᠭ᠎ᠠ᠂ ᠳᠠᠩᠰᠠᠯᠠᠭᠤᠯᠬᠤ ᠳᠤ ᠳᠡᠭᠡᠭᠰᠢ ᠳᠠᠮᠵᠢᠭᠤᠯᠬᠤ ᠴᠢᠬᠤᠯᠠᠲᠠᠢ ᠡᠯ᠎ᠡ ᠵᠦᠢᠯ ᠤᠨ ᠮᠠᠲ᠋ᠧᠷᠢᠶᠠᠯ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠡᠯ᠎ᠡ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠲᠣᠰ ᠤᠳᠠᠭᠠᠨ ᠤ ᠣᠨ ᠤ ᠮᠡᠳᠡᠭᠦᠯᠦᠨ ᠳᠠᠩᠰᠠᠯᠠᠭᠤᠯᠬᠤ ᠠᠵᠢᠯ ᠢ ᠪᠥᠬᠦ ᠲᠠᠯ᠎ᠠ ᠪᠠᠷ ᠣᠶᠢᠯᠠᠭᠠᠬᠤ ᠶᠢ ᠦᠨᠡᠨ ᠬᠦ ᠪᠠᠲᠤᠯᠠᠪᠠ᠃       ᠬᠤᠶᠠᠷ ᠲᠤ ᠳᠠᠩᠰᠠᠯᠠᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠣᠷᠣᠯᠠᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠦᠨᠳᠦᠰᠦᠨ ᠪᠠᠶᠢᠳᠠᠯ᠂ ᠠᠵᠢᠯᠲᠠᠨ ᠵᠡᠷᠭᠡ ᠲᠠᠯ᠎ᠠ ᠶᠢᠨ ᠬᠢᠨ ᠢ ᠴᠢᠩᠭ᠎ᠠ ᠬᠢᠨᠠᠨ ᠬᠠᠷᠭᠤᠭᠤᠯᠵᠤ ᠪᠣᠭᠤᠮᠲᠠ ᠶᠢ ᠠᠳᠬᠤᠨ᠂ ᠳᠡᠩᠰᠡᠯᠡᠨ ᠲᠡᠮᠳᠡᠭᠯᠡᠬᠦ ᠶᠠᠰᠤ ᠴᠢᠨᠠᠷ ᠢ ᠦᠨᠡᠨᠬᠦ ᠪᠠᠲᠤᠯᠠᠪᠠ᠃      ᠭᠤᠷᠪᠠ ᠳᠤ ᠦᠢᠯᠡᠴᠢᠯᠡᠭᠡᠨ ᠤ ᠵᠢᠯᠣᠭᠤᠳᠤᠯᠭ᠎ᠠ ᠶᠢ ᠴᠢᠩᠭᠠᠳᠬᠠᠨ᠎ᠠ᠃ ᠳ᠋ᠢᠶᠠᠩᠬᠤᠸᠠ᠂ ᠸᠢᠴᠠᠲ ᠢᠶᠠᠷ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠯᠠᠪᠯᠠᠭ᠎ᠠ ᠶᠢᠨ ᠬᠠᠷᠢᠭᠤᠯᠲᠠ ᠶᠢ ᠰᠠᠶᠢᠲᠤᠷ ᠬᠢᠬᠦ ᠶᠢᠨ ᠬᠠᠮᠲᠤ᠂ ᠪᠦᠷᠢᠳᠬᠡᠨ ᠳᠠᠩᠰᠠᠯᠠᠬᠤ ᠠᠵᠢᠯᠯᠠᠭᠠᠨ ᠤ ᠵᠢᠯᠣᠭᠤᠳᠤᠯᠭ᠎ᠠ ᠬᠠᠩᠭᠠᠵᠤ᠂ ᠣᠨ ᠤ ᠪᠦᠷᠢᠳᠬᠡᠨ ᠳᠠᠩᠰᠠᠯᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠪᠠ᠃      ᠣᠲᠣ ᠪᠣᠯᠲᠠᠯ᠎ᠠ᠂ ᠴᠢᠩᠱᠠᠨ ᠲᠣᠭᠤᠷᠢᠭ ᠤᠨ ᠣᠨ ᠤ ᠳᠠᠩᠰᠠᠯᠠᠯᠲᠠ ᠶᠢ ᠪᠡᠶᠡᠯᠡᠭᠦᠯᠦᠭᠰᠡᠨ ᠣᠷᠣᠯᠠᠨ ᠳᠠᠩᠰᠠᠯᠠᠬᠤ ᠪᠠᠶᠢᠭᠤᠯᠤᠮᠵᠢ ᠨᠡᠶᠢᠲᠡ 137 ︵ᠡᠭᠦᠨ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ 24 ᠪᠣᠶ︶ ᠪᠠᠶᠢᠨ᠎ᠠ᠃ ᠣᠨ ᠤ ᠳᠠᠩᠰᠠᠯᠠᠭᠤᠯᠤᠭᠰᠠᠨ ᠦᠷ᠎ᠡ ᠳ᠋ᠦᠩ ᠢ ᠨᠢᠭᠡᠨᠲᠡ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠪᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号