ᠳ᠋ᠢᠩ ᠺᠠᠢ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/6
      4 ᠰᠠᠷ᠎ᠠ ᠶᠢᠨ 30 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃      ᠳ᠋ᠢᠩ ᠺᠠᠢ ᠨᠠᠷ ᠤᠷᠢᠳ ᠬᠤᠵᠢᠳ ᠤᠮᠠᠷᠠᠲᠤ ᠶᠢᠨ ᠠᠭᠤᠳᠠᠮ ᠲᠠᠯᠠᠪᠠᠢ᠂ ᠴᠡᠷᠢᠭ ᠤᠨ ᠪᠠᠷᠢᠯᠭ᠎ᠠ ᠶᠢᠨ ᠵᠠᠮ ᠤᠨ ᠬᠤᠨᠳᠣ ᠨᠠᠭᠤᠷ ᠪᠣᠯᠣᠨ ᠨᠡᠷᠡᠨ ᠨᠠᠭᠤᠷ᠂ ᠬᠤᠸᠠ ᠭᠧ ᠲᠠᠢ ᠤᠰᠤᠨ ᠴᠥᠭᠦᠷᠥᠮ ᠤᠨ ᠡᠮᠦᠨ᠎ᠡ ᠲᠠᠯ᠎ᠠ᠂ ᠰᠢᠩ ᠱᠧᠩ ᠪᠠᠯᠭᠠᠰᠤ ᠶᠢᠨ ᠸᠠᠩ ᠶᠢᠩ ᠵᠢᠢ ᠲᠣᠰᠬᠤᠨ ᠤ ᠱᠧ ᠯᠢᠩ ᠶᠣᠣ ᠲᠣᠰᠬᠤᠨ ᠤ ᠳᠤᠭᠤᠶᠢᠯᠠᠩ ᠵᠡᠷᠭᠡ ᠭᠠᠵᠠᠷ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠴᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠤᠳᠤᠯᠤᠨ ᠰᠢᠢᠳᠪᠦᠷᠢᠯᠡᠪᠡ᠃       ᠳ᠋ᠢᠩ ᠺᠠᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠩ ᠦᠨᠳᠦᠷ ᠪᠠᠷᠢᠮᠵᠢᠶ᠎ᠠ ᠪᠠᠷ ᠬᠥᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠲᠤᠪᠤᠶᠢᠯᠭᠠᠵᠦ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠪᠥᠭᠡᠳ ᠲᠦᠷᠭᠡᠨ ᠢᠶᠠᠷ ᠠᠬᠢᠭᠤᠯᠵᠤ᠂ ᠡᠷᠡᠰ ᠢᠶᠠᠷ ᠲᠤᠤᠱᠲᠠᠢ ᠥᠭᠡᠷᠡᠴᠢᠯᠡᠵᠦ᠂ ᠮᠡᠳᠡᠷᠡᠵᠦ ᠪᠣᠯᠬᠤ ᠵᠠᠰᠠᠯᠲᠠ ᠶᠢᠨ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠬᠤ ᠬᠡᠷᠡᠭᠲᠡᠢ᠃ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃       ᠲᠣᠭᠤᠷᠢᠭ ᠤᠨ ᠤᠳᠤᠷᠢᠳᠤᠯᠭ᠎ᠠ ᠵᠠᠩ ᠶᠢᠩ ᠵᠢᠶᠧ᠂ ᠵᠢᠶᠠᠩ ᠲᠢᠶᠠᠨ ᠴᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号