︽ᠲᠠᠪᠤᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠬᠢᠨ ᠨᠡᠶᠢᠲᠡ 4 | ᠲᠣᠭᠤᠷᠢᠭ ᠤᠨ ᠳᠡᠰ ᠤᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠲᠣᠮᠢᠯᠠᠨ ᠪᠠᠶᠠᠷ ᠤᠨ ᠡᠳᠦᠷ ᠤᠨ | ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ | ᠡᠯ᠎ᠡ ᠰᠠᠯᠠᠭ᠎ᠠ ᠮᠥᠴᠢᠷ ᠨᠡᠶᠢᠲᠡ 85 ᠠᠮᠤᠷ ᠲᠦᠪᠰᠢᠨ ᠤ ᠪᠠᠶᠢᠴᠠᠭᠠᠯᠲᠠ ᠶᠢᠨ ᠳᠤᠭᠤᠶᠢᠯᠠᠩ ᠲᠣᠮᠢᠯᠠᠵᠤ᠂ ᠬᠠᠷᠢᠶ᠎ᠠ | ᠣᠷᠣᠨ ᠤ ᠳᠣᠲᠣᠷᠠᠬᠢ ᠪᠤᠭᠤᠲᠤ ᠬᠤᠲᠠ ᠶᠢᠨ ᠪᠠᠢ ᠰᠧᠨ ᠭᠡᠷ ᠤᠨ ᠬᠡᠷᠡᠭᠰᠡᠯ ᠤᠨ ᠬᠢᠵᠠᠭᠠᠷᠲᠤ ᠺᠣᠮᠫᠠᠨᠢ᠂ ᠰᠢᠨ᠎ᠡ | ᠡᠨᠧᠷᠭᠢ ᠶᠢᠨ ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ᠂ ᠪᠦᠦ ᠪᠠᠢ ᠬᠡᠲᠦ ᠳᠡᠯᠭᠡᠭᠦᠷ᠂ ᠴᠢᠩ ᠳ᠋ᠦᠩ ᠲᠣᠰᠣ | ᠨᠡᠮᠡᠬᠦ ᠥᠷᠲᠡᠭᠡ ᠵᠡᠷᠭᠡ 329 ᠠᠵᠤ ᠠᠬᠤᠶᠢᠯᠠᠯ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ᠂ ᠭᠤᠣᠯᠳᠠᠯᠭ᠎ᠠ ᠲᠠᠢ | ᠲᠥᠷᠥᠯ ᠵᠦᠢᠯ ᠪᠠ ᠲᠣᠰᠣ ᠨᠡᠮᠡᠬᠦ ᠥᠷᠲᠡᠭᠡ ᠵᠡᠷᠭᠡ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠨᠡᠶᠢᠲᠡ 349 | ᠠᠰᠠᠭᠤᠳᠠᠯ ᠤᠨ ᠳᠠᠯᠳᠠ ᠬᠡᠮ ᠢ ᠢᠯᠡᠷᠡᠭᠦᠯᠵᠦ᠂ 316 ᠵᠦᠢᠯ ᠢ ᠲᠤᠬᠠᠢ ᠶᠢᠨ ᠲᠠᠯᠠᠪᠤᠷ ᠲᠤ ᠴᠡᠭᠴᠡᠯᠡᠨ | ᠰᠠᠶᠢᠵᠢᠷᠠᠭᠤᠯᠵᠤ᠂ 33 ᠵᠦᠢᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ | ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃ |