ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠵᠢᠭᠤᠯᠴᠢᠯᠠᠯ ᠤᠨ ᠬᠠᠯᠠᠭᠤᠨ ᠥᠷᠨᠢᠯᠲᠡ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠪᠠ
ᠨᠡᠶᠢᠲᠡᠯᠡᠭᠰᠡᠨ ᠴᠠᠭ᠄
2024/5/7
      ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠴᠢᠩᠱᠠᠨ ᠲᠣᠭᠤᠷᠢᠭ ᠡᠨᠡ ᠵᠢᠯ ᠤᠨ ᠵᠢᠭᠤᠯᠴᠢᠯᠠᠯ ᠤᠨ ᠠᠩᠬᠠᠨ ᠤ ᠥᠷᠨᠢᠯᠲᠡ ᠶᠢ ᠤᠭᠲᠤᠨ ᠠᠪᠴᠢᠷᠠᠵᠤ᠂ ᠥᠷᠭᠡᠨ ᠣᠯᠠᠨ ᠵᠤᠭᠠᠴᠠᠭᠰᠠᠳ ᠠᠳᠠᠯᠢ ᠪᠤᠰᠤ ᠦᠨᠳᠦᠰᠦᠲᠡᠨ ᠤ ᠰᠣᠶᠣᠯ᠂ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ᠂ ᠭᠠᠷ ᠤᠷᠠᠯᠠᠯ ᠤᠨ ᠪᠦᠲᠦᠭᠡᠭᠳᠡᠬᠦᠨ᠂ ᠳᠠᠭᠤᠤ ᠬᠥᠭᠵᠢᠮ ᠪᠥᠵᠢᠭ ᠢ ᠪᠡᠶᠡᠴᠢᠯᠡᠨ ᠣᠶᠢᠯᠠᠭᠠᠵᠤ᠂ ᠰᠣᠶᠣᠯ ᠵᠢᠭᠤᠯᠴᠢᠯᠠᠯ ᠤᠨ ᠡᠯᠪᠡᠭ ᠪᠠᠶᠠᠯᠢᠭ ᠠᠵᠢᠯᠯᠠᠭ᠎ᠠ ᠨᠢ ᠬᠥᠭᠦᠷᠭᠡ ᠮᠡᠲᠦ ᠪᠠᠶᠢᠵᠤ᠂ ᠡᠯ᠎ᠡ ᠦᠨᠳᠦᠰᠦᠲᠡᠨ ᠢ ᠬᠤᠯᠪᠣᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ᠂ ᠶᠠᠪᠤᠯᠴᠠᠭ᠎ᠠ ᠪᠠ ᠠᠭᠤᠰᠤᠯᠴᠠᠯ ᠢ ᠠᠬᠢᠭᠤᠯᠵᠤ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ᠂ ᠬᠤᠸᠠ ᠭᠧ ᠲᠠᠢ ᠣᠯᠠᠨ ᠤᠯᠤᠰ ᠤᠨ ᠬᠡᠭᠡᠷ᠎ᠡ ᠪᠠᠭᠤᠳᠠᠯᠯᠠᠬᠤ ᠣᠷᠣᠨ ᠵᠡᠷᠭᠡ ᠦᠵᠡᠮᠵᠢ ᠶᠢᠨ ᠣᠷᠣᠨ ᠵᠤᠭᠠᠴᠠᠭᠰᠠᠳ ᠢ ᠨᠡᠶᠢᠲᠡ 7.4 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠡᠵᠡᠩᠨᠡᠯᠲᠡ ᠶᠢᠨ ᠨᠣᠷᠮ᠎ᠠ ᠨᠢ 57.5 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ  ᠬᠢ ᠠᠴᠠ 26.7% ᠪᠠᠷ ᠨᠡᠮᠡᠭᠳᠡᠨ᠂ 6 ᠣᠳᠣᠨ ᠲᠠᠰ ᠤᠨ ᠪᠠᠭᠤᠳᠠᠯ 2160 ᠬᠥᠮᠥᠨ ᠤᠳᠠᠭ᠎ᠠ ᠭᠥᠯᠢᠶᠡᠨ ᠠᠪᠴᠤ᠂ ᠡᠵᠡᠩᠨᠡᠯᠲᠡ ᠶᠢᠨ ᠨᠣᠷᠮ᠎ᠠ ᠨᠢ 67.5 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 40% ᠪᠠᠷ ᠨᠡᠮᠡᠭᠳᠡᠪᠡ᠃       ᠴᠢᠩᠱᠠᠨ ᠲᠣᠭᠤᠷᠢᠭ ᠤᠨ ᠬᠢᠨ ᠥᠷᠭᠡᠨ ᠣᠯᠠᠨ ᠬᠤᠲᠠ ᠶᠢᠨ ᠠᠷᠠᠳ ᠪᠠ ᠵᠤᠭᠠᠴᠠᠭᠰᠠᠳ ᠲᠤ ᠡᠯᠪᠡᠭ ᠪᠠᠶᠠᠯᠢᠭ ᠰᠣᠶᠣᠯ ᠤᠨ ᠵᠢᠭᠤᠯᠴᠢᠯᠠᠯ ᠤᠨ ᠦᠪᠡᠳᠡᠭᠰᠢ ᠳᠠᠶᠢᠯᠠᠯᠭ᠎ᠠ ᠪᠡᠯᠡᠳᠬᠡᠵᠦ᠂ ᠤᠰᠤᠨ ᠳᠡᠭᠡᠷᠡᠬᠢ ᠨᠢᠰᠦᠭᠴᠢ ᠬᠥᠮᠥᠨ᠂ ᠬᠤᠸᠠᠷ ᠫᠤᠤᠵᠢᠩ ᠤᠨ ᠦᠵᠡᠰᠬᠦᠯᠡᠩ᠂ ᠲᠡᠮᠦᠷ ᠳᠠᠪᠲᠠᠬᠤ ᠴᠡᠴᠡᠭ᠂ ᠴᠡᠴᠡᠭᠲᠦ ᠳ᠋ᠧᠩ ᠤᠨ ᠦᠵᠡᠰᠬᠦᠯᠡᠩ᠂ ᠬᠡᠶᠢᠲᠦ ᠪᠥᠮᠪᠦᠭᠡ ᠶᠢᠨ ᠪᠣᠷᠣᠭᠠᠨ᠂ ᠪᠠᠭᠠᠴᠤᠳ ᠬᠡᠦᠬᠡᠳ ᠤᠨ ᠡᠷᠳᠡᠮ ᠰᠢᠨᠵᠢᠯᠡᠭᠡᠨ ᠤ ᠠᠵᠢᠯᠯᠠᠭ᠎ᠠ ᠶᠢ ᠵᠠᠯᠭᠠᠭ᠎ᠠ ᠪᠠᠷ ᠶᠠᠪᠤᠭᠳᠠᠭᠤᠯᠵᠤ᠂ ᠤᠷᠠᠨ ᠰᠠᠶᠢᠬᠠᠨ ᠤ ᠲᠣᠭᠯᠠᠯᠲᠠ᠂ ᠤᠯᠠᠨ ᠨᠡᠶᠢᠲᠡ ᠶᠢᠨ ᠰᠣᠶᠣᠯ ᠤᠨ ᠠᠵᠢᠯᠯᠠᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠦᠵᠡᠭᠦᠯᠦᠯᠭᠡ᠂ ᠵᠤᠭᠠᠴᠠᠯ ᠤᠨ ᠤᠬᠠᠭᠤᠯᠭ᠎ᠠ ᠶᠢᠨ ᠪᠣᠷᠤᠯᠠᠭᠤᠯᠭ᠎ᠠ᠂ ᠰᠣᠶᠣᠯ ᠤᠨ ᠵᠤᠭᠠᠴᠠᠯ ᠢᠶᠠᠷ ᠠᠷᠠᠳ ᠲᠤ ᠠᠰᠢᠭ ᠬᠦᠷᠲᠡᠭᠡᠬᠦ ᠵᠡᠷᠭᠡ 100 ᠭᠠᠷᠤᠢ ᠲᠠᠯᠠᠪᠤᠷ ᠰᠣᠶᠣᠯ ᠤᠨ ᠵᠤᠭᠠᠴᠠᠯ ᠤᠨ ᠠᠵᠢᠯᠯᠠᠭ᠎ᠠ ᠶᠢ ᠥᠷᠨᠢᠭᠦᠯᠵᠦ᠂ ᠭᠤᠶᠤ ᠦᠵᠡᠮᠵᠢ ᠶᠢ ᠰᠣᠨᠢᠷᠬᠠᠬᠤ ᠪᠠ ᠠᠮᠲᠠᠲᠤ ᠢᠳᠡᠭᠡᠨ ᠪᠠ ᠰᠣᠶᠣᠯ ᠢ ᠪᠡᠶᠡᠴᠢᠯᠡᠨ ᠣᠶᠢᠯᠠᠭᠠᠬᠤ ᠳᠤᠮᠳᠠ ᠰᠢᠨ᠎ᠡ ᠨᠠᠶᠢᠵᠠ ᠲᠠᠢ ᠲᠠᠨᠢᠯᠴᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠦᠨᠳᠦᠰᠦᠲᠡᠨ ᠢ ᠠᠯᠤᠰᠯᠠᠭᠰᠠᠨ ᠨᠥᠬᠦᠷᠯᠡᠯ ᠢ ᠪᠠᠶᠢᠭᠤᠯᠪᠠ᠃ ᠡᠳᠡᠭᠡᠷ ᠨᠥᠬᠦᠷᠯᠡᠯ ᠨᠢ ᠣᠴᠢ ᠶᠢᠨ ᠭᠠᠯ ᠰᠢᠭ᠋ ᠬᠥᠮᠥᠰ ᠤᠨ ᠰᠡᠳᠬᠢᠯ ᠢ ᠳᠤᠯᠠᠭᠠᠴᠠᠭᠤᠯᠬᠤ ᠬᠦᠴᠦᠨ ᠴᠢᠳᠠᠯ ᠢ ᠨᠢᠭᠲᠠᠷᠠᠭᠤᠯᠵᠤ᠂ ᠠᠳᠠᠯᠢ ᠪᠤᠰᠤ ᠦᠨᠳᠦᠰᠦᠲᠡᠨ ᠤ ᠬᠤᠭᠤᠷᠣᠨᠳᠣᠬᠢ ᠬᠠᠷᠢᠯᠴᠠᠭ᠎ᠠ ᠶᠢ ᠤᠯᠠᠮ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠪᠦᠯᠬᠦᠮᠳᠡᠯ ᠪᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃       ᠵᠢᠭᠤᠯᠴᠢᠯᠠᠯ ᠪᠣᠯ ᠨᠢᠭᠡᠨ ᠴᠣᠩᠬᠤ ᠮᠥᠨ᠂ ᠪᠢᠳᠡᠨ ᠳᠤ ᠦᠨᠳᠦᠰᠦᠲᠡᠨ ᠨᠦᠭᠦᠳ ᠤᠨ ᠥᠩᠭᠡ ᠢᠯᠭᠠᠷᠠᠮ᠎ᠠ ᠥᠩᠭᠡ ᠭᠢᠯᠪᠠᠭ᠎ᠠ ᠶᠢ ᠦᠵᠡᠭᠦᠯᠵᠦ᠂ ᠴᠢᠩᠱᠠᠨ ᠲᠣᠭᠤᠷᠢᠭ ᠤᠨ ᠬᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ᠂ ᠶᠠᠪᠤᠯᠴᠠᠭ᠎ᠠ ᠪᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠰᠡᠳᠬᠢᠯ ᠢ ᠨᠠᠩ ᠣᠶᠢᠷᠠᠲᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠬᠠᠭᠤᠳᠠᠰᠤ ᠶᠢ ᠬᠠᠮᠲᠤ ᠪᠠᠷ ᠪᠢᠴᠢᠭᠯᠡᠬᠦ ᠪᠣᠯᠣᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号