5 ᠰᠠᠷ᠎ᠠ ᠶᠢᠨ 6 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ | ᠠᠶᠤᠯᠭᠦᠢ ᠦᠢᠯᠡᠳᠪᠦᠷᠢᠯᠡᠯ ᠢ ᠪᠠᠶᠢᠴᠠᠭᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ | ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠠᠩ ᠵᠢᠶᠠᠨ᠂ ᠵᠠᠩ ᠶᠢᠩ ᠵᠢᠶᠧ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠵᠢᠩ ᠿᠦᠢ ᠢᠯᠴᠢ ᠶᠢᠨ ᠬᠦᠴᠦᠨ ᠤ ᠺᠣᠮᠫᠠᠨᠢ ᠶᠢᠨ ᠨᠢᠭᠡ ᠤᠳᠠᠭ᠎ᠠ ᠶᠢᠨ ᠬᠤᠭᠤᠯᠠᠢ ᠶᠢᠨ ᠲᠣᠣᠷ ᠤᠨ | ᠥᠭᠡᠷᠡᠴᠢᠯᠡᠯᠲᠡ ᠶᠢᠨ ᠲᠦᠷᠦᠯ ᠵᠦᠢᠯ ᠳᠤ᠂ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠬᠦᠳᠡᠯᠮᠦᠷᠢ ᠠᠷᠪᠠᠨ | ᠬᠤᠶᠠᠳᠤᠭᠠᠷ ᠵᠡᠭᠡᠯᠢ ᠭᠤᠳᠤᠮᠵᠢ ᠪᠠ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠶᠢᠨ ᠯᠢᠨ ᠪᠠᠭ᠎ᠠ | ᠲᠣᠭᠤᠷᠢᠭ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠳ᠋ᠢᠩ ᠺᠠᠢ ︽ᠳᠤᠯᠠᠭᠠᠨ ᠢᠨᠵᠧᠨᠧᠷᠢᠩ︾ ᠤᠨ | ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ︽ᠳᠤᠯᠠᠭᠠᠨ ᠢᠨᠵᠧᠨᠧᠷᠢᠩ︾ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ | ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠵᠦ᠂ ᠤᠯᠠᠨ | ᠲᠦᠮᠡᠨ ᠳᠤ ︽ᠳᠤᠯᠠᠭᠠᠨ ᠢᠨᠵᠧᠨᠧᠷᠢᠩ︾ ᠤᠨ ᠠᠪᠴᠢᠷᠠᠭᠰᠠᠨ ᠪᠣᠳᠠᠲᠠᠢ ᠬᠤᠪᠢᠷᠠᠯᠲᠠ ᠶᠢ ᠮᠡᠳᠡᠷᠡᠭᠦᠯᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠹᠦ᠋ ᠰᠢᠩ ᠶᠡᠭᠡ ᠵᠡᠭᠡᠯᠢ ᠳᠤ᠂ ᠳ᠋ᠢᠩ ᠺᠠᠢ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠦᠵᠡᠮᠵᠢ ᠶᠢᠨ ᠨᠣᠭᠤᠭᠠᠷᠠᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠪᠡ︔ ᠹᠦ᠋ ᠰᠢᠩ ᠶᠡᠭᠡ ᠵᠡᠭᠡᠯᠢ ᠪᠣᠯᠣᠨ | ᠰᠠᠶᠢᠬᠠᠨ ᠵᠠᠮ ᠤᠨ ᠠᠭᠤᠯᠵᠠᠷ ᠲᠤ᠂ ᠳ᠋ᠢᠩ ᠺᠠᠢ ᠰᠢᠷ᠎ᠠ ᠰᠢᠷᠣᠢ ᠶᠢᠨ ᠨᠢᠴᠦᠭᠦᠨ ᠭᠠᠷᠤᠯᠲᠠ ᠶᠢ ᠴᠡᠭᠴᠡᠯᠡᠨ ᠵᠠᠰᠠᠬᠤ | ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠹᠦ᠋ ᠰᠢᠩ ᠵᠡᠭᠡᠯᠢ ᠳᠠᠭᠠᠤ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠪᠠᠬᠢᠵᠢᠭᠦᠯᠦᠨ ᠳᠡᠭᠡᠭᠰᠢᠯᠡᠭᠦᠯᠬᠦ ᠶᠢ ᠦᠷᠭᠦᠯᠵᠢᠯᠡᠨ ᠭᠦᠨᠵᠡᠭᠡᠢ | ᠠᠬᠢᠭᠤᠯᠵᠤ᠂ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠡᠳᠦᠷ ᠳᠤᠳᠤᠮ ᠤᠨ ᠬᠠᠮᠢᠶᠠᠷᠤᠯᠲᠠ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠳᠠ ᠶᠢᠨ ᠲᠣᠭᠤᠷᠢᠭ ᠤᠨ | ᠴᠢᠳᠠᠪᠬᠢ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠰᠢᠭᠤᠴᠢ ᠵᠠᠮ ᠤᠨ ᠵᠡᠭᠡᠯᠢ ᠭᠤᠲᠤᠮᠵᠢ ᠶᠢᠨ ᠬᠦᠳᠡᠯᠮᠦᠷᠢ ᠭᠤᠷᠪᠠᠳᠤᠭᠠᠷ ᠵᠡᠭᠡᠯᠢ ᠶᠢᠨ 9 ᠰᠠᠭᠤᠷᠢ | ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢᠨ ︽ᠡᠷᠭᠢᠵᠦ ᠬᠠᠷᠠᠬᠤ︾ ᠲᠦᠷᠦᠯ ᠵᠦᠢᠯ᠂ | ᠵᠤᠯ ᠵᠢᠷᠭᠠᠯᠲᠦ ᠵᠠᠮ ᠤᠨ ᠵᠡᠭᠡᠯᠢ ᠭᠤᠲᠤᠮᠵᠢ ᠶᠢᠨ ᠬᠦᠳᠡᠯᠮᠦᠷᠢ ᠠᠷᠪᠠᠨ ᠬᠤᠶᠠᠳᠤᠭᠠᠷ ᠵᠡᠭᠡᠯᠢ᠂ ᠮᠦᠩᠬᠡᠵᠢᠯ ᠵᠠᠮ ᠤᠨ | ᠵᠡᠭᠡᠯᠢ ᠭᠤᠲᠤᠮᠵᠢ ᠶᠢᠨ ᠴᠦᠨ ᠭᠤᠸᠠᠩ ᠳᠥᠷᠪᠡᠳᠦᠭᠡᠷ ᠲᠣᠭᠤᠷᠢᠭ᠂ ᠬᠦᠴᠦᠷᠬᠡᠭᠵᠢᠯ ᠵᠠᠮ ᠤᠨ ᠵᠡᠭᠡᠯᠢ | ᠭᠤᠲᠤᠮᠵᠢ ᠶᠢᠨ ᠶᠢᠨ ᠯᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠵᠡᠷᠭᠡ ᠲᠦᠷᠦᠯ ᠵᠦᠢᠯ ᠤᠨ ᠲᠤᠬᠠᠢ ᠶᠢᠨ | ᠲᠠᠯᠠᠪᠠᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠦᠶ᠎ᠡ ᠳᠤ᠂ ᠳ᠋ᠢᠩ ᠺᠠᠢ ᠰᠠᠭᠤᠭᠠᠯᠢ ᠠᠷᠠᠳ ᠤᠨ | ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠢᠨᠵᠧᠨᠧᠷᠢᠩ ᠤᠨ ᠲᠥᠯᠦᠪᠵᠢᠭᠦᠯᠭᠡ᠂ | ᠪᠣᠳᠠᠲᠠᠢ ᠠᠬᠢᠴᠠ᠂ ︽ᠨᠢᠰᠬᠦ ᠱᠤᠭᠤᠮ︾ ᠢ ᠴᠡᠭᠴᠡᠯᠡᠨ ᠵᠠᠰᠠᠬᠤ ᠢᠨᠵᠧᠨᠧᠷᠢᠩ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠲᠤᠬᠠᠢ ᠶᠢᠨ ᠲᠠᠯᠠᠪᠤᠷ ᠲᠤ ᠪᠠᠷᠢᠯᠭ᠎ᠠ ᠪᠠᠷᠢᠬᠤ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠰᠤᠳᠤᠯᠤᠨ | ᠰᠢᠢᠳᠪᠦᠷᠢᠯᠡᠪᠡ᠃ ᠲᠡᠷᠡ᠂ ᠶᠠᠰᠤ ᠴᠢᠨᠠᠷ ᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ ᠤᠷᠢᠲᠠᠯ ᠳᠣᠣᠷ᠎ᠠ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠢᠷᠤᠮᠵᠢᠯ ᠲᠠᠢ ᠪᠠᠷ ᠪᠠᠷᠢᠯᠭ᠎ᠠ ᠪᠠᠷᠢᠬᠤ᠂ | ᠪᠣᠯᠪᠠᠰᠤᠨ ᠢᠶᠠᠷ ᠪᠠᠷᠢᠯᠭ᠎ᠠ ᠪᠠᠷᠢᠬᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠶᠢ ᠪᠡᠶᠡᠯᠡᠭᠦᠯᠬᠦ ᠬᠡᠷᠡᠭᠲᠡᠢ᠃ ᠠᠯᠤᠰ | ᠬᠡᠳᠤ ᠳᠤ ᠰᠠᠭᠤᠷᠢᠯᠠᠵᠤ᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ ᠴᠢᠮᠡᠭᠡ ᠬᠤᠯᠪᠣᠭ᠎ᠠ ᠵᠡᠷᠭᠡ ᠶᠢ ᠥᠭᠡᠷᠡᠴᠢᠯᠡᠬᠦ | ᠲᠥᠯᠥᠪᠯᠡᠭᠡ ᠲᠠᠢ ᠤᠶᠠᠯᠳᠤᠭᠤᠯᠵᠤ᠂ ᠪᠠᠭ᠎ᠠ ᠬᠠᠭᠤᠴᠢᠨ ᠲᠣᠭᠤᠷᠢᠭ ᠢ ᠥᠭᠡᠷᠡᠴᠢᠯᠡᠬᠦ ᠲᠥᠯᠥᠪᠯᠡᠭᠡ ᠶᠢ ᠪᠦᠲᠦᠮᠵᠢᠲᠡᠢ | ᠵᠣᠯᠭᠠᠭᠤᠯᠵᠤ᠂ ᠤᠯᠠᠨ ᠵᠦᠢᠯ ᠤᠨ ᠥᠭᠡᠷᠡᠴᠢᠯᠡᠯᠲᠡ ᠶᠢ ᠵᠡᠷᠭᠡᠪᠡᠷ ᠶᠠᠪᠤᠭᠳᠠᠭᠤᠯᠬᠤ ᠶᠢ ᠠᠬᠢᠭᠤᠯᠵᠤ᠂ ᠥᠭᠡᠷᠡᠴᠢᠯᠡᠬᠦ | ᠶᠣᠰᠣᠲᠠᠢ ᠶᠢ ᠨᠢ ᠪᠦᠬᠦᠨ ᠢ ᠥᠭᠡᠷᠡᠴᠢᠯᠡᠵᠦ᠂ ᠪᠠᠭ᠎ᠠ ᠬᠠᠭᠤᠴᠢᠨ ᠲᠣᠭᠤᠷᠢᠭ ᠢ ᠥᠭᠡᠷᠡᠴᠢᠯᠡᠬᠦ ᠳᠤ ᠤᠯᠠᠨ ᠲᠦᠮᠡᠨ ᠤ | ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ︽ᠥᠭᠡᠷᠡᠴᠢᠯᠡᠬᠦ︾ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠡᠯᠪᠡᠭ ᠬᠤᠷᠢᠶᠠᠯᠲᠠ ᠶᠢᠨ ᠵᠠᠮ ᠤᠨ ᠪᠣᠷᠣᠭᠠᠨ ᠤ ᠪᠣᠬᠢᠷᠲᠤᠯ ᠢ ᠰᠠᠯᠭᠠᠬᠤ ᠥᠭᠡᠷᠡᠴᠢᠯᠡᠯᠲᠡ ᠶᠢᠨ ᠲᠦᠷᠦᠯ | ᠵᠦᠢᠯ ᠤᠨ ᠲᠤᠬᠠᠢ ᠶᠢᠨ ᠲᠠᠯᠠᠪᠠᠢ ᠳᠤ᠂ ᠳ᠋ᠢᠩ ᠺᠠᠢ ᠪᠣᠷᠣᠭᠠᠨ ᠤ ᠪᠣᠬᠢᠷᠲᠤᠯ ᠢ ᠰᠠᠯᠭᠠᠬᠤ ᠥᠭᠡᠷᠡᠴᠢᠯᠡᠯᠲᠡ ᠶᠢᠨ | ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠵᠢᠷᠤᠭ ᠲᠥᠯᠥᠪᠯᠡᠭᠡ ᠶᠢᠨ ᠲᠥᠰᠥᠯ ᠢᠶᠠᠨ ᠰᠢᠯᠢᠳᠡᠭᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠳᠥᠲᠡ᠂ ᠲᠦᠷᠦᠯ ᠵᠦᠢᠯ ᠤᠨ | ᠪᠠᠷᠢᠯᠭ᠎ᠠ ᠶᠢᠨ ᠠᠬᠢᠴᠠ ᠵᠡᠷᠭᠡ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ | ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠥᠨᠳᠥᠷ ᠪᠦᠲᠦᠮᠵᠢᠲᠡᠢ ᠡᠮᠬᠢ ᠵᠢᠷᠤᠮ ᠲᠠᠢ | ᠠᠬᠢᠭᠤᠯᠵᠤ᠂ ᠥᠭᠡᠷᠡᠴᠢᠯᠡᠯᠲᠡ ᠶᠢᠨ ᠠᠵᠢᠯ ᠢ ᠡᠷᠲᠡ ᠳᠠᠭᠤᠰᠬᠠᠵᠤ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | |