ᠪᠧᠢ ᠰᠢᠨ ᠨᠡᠶᠢᠭᠡᠮ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠠᠮᠢᠶᠠᠷᠬᠤ ᠲᠠᠯ᠎ᠠ ᠪᠠᠷ ᠪᠠᠰᠠ ᠰᠢᠨ᠎ᠡ ᠠᠷᠭ᠎ᠠ ᠬᠡᠮᠵᠢᠶ᠎ᠡ ᠠᠪᠤᠯ᠎ᠠ︕
ᠨᠡᠶᠢᠲᠡᠯᠡᠭᠰᠡᠨ ᠴᠠᠭ᠄
2024/5/8
      ᠴᠠᠬᠢᠯᠭᠠᠨ ᠬᠥᠳᠡᠯᠭᠡᠭᠦᠷᠲᠦ ᠲᠡᠷᠭᠡᠨ ᠤ ᠭᠡᠷ ᠤᠨ ᠭᠠᠳᠠᠨ᠎ᠠ ᠨᠡᠷᠡᠨ ᠳᠤ ᠰᠢᠷᠠᠭᠳᠠᠵᠤ ᠪᠣᠷᠣᠭᠠᠨ ᠳᠤ ᠨᠣᠷᠣᠭᠳᠠᠭᠰᠠᠨ ᠪᠠᠶᠢᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠲᠦᠪᠰᠢᠨ᠂ ᠴᠡᠪᠡᠷ ᠲᠡᠭᠰᠢ ᠡᠮᠬᠢ ᠳᠢᠭᠯᠢᠮ ᠲᠠᠢ ᠣᠯᠠᠨ ᠨᠡᠶᠢᠲᠡ ᠶᠢᠨ ᠣᠷᠣᠨ ᠵᠠᠢ ᠶᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠪᠧᠢ ᠰᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠰᠦᠯᠵᠢᠶᠡᠨ ᠳᠡᠭᠡᠷ᠎ᠡ ᠣᠷᠣᠯᠴᠠᠵᠤ ᠮᠡᠳᠡᠯᠭᠡ ᠶᠢᠨ ᠱᠠᠩᠨᠠᠯ ᠲᠠᠢ ᠥᠷᠢᠰᠦᠯᠳᠦᠨ ᠬᠠᠷᠢᠭᠤᠯᠬᠤ + ᠰᠦᠯᠵᠢᠶᠡᠨ ᠭᠠᠳᠠᠨ᠎ᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠥᠷᠨᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠡᠶ᠎ᠡ ᠵᠣᠬᠢᠴᠠᠯ ᠲᠠᠢ ᠣᠷᠴᠢᠨ ᠨᠥᠬᠦᠴᠡᠯ ᠢ ᠪᠣᠶ ᠪᠣᠯᠭᠠᠪᠠ᠃       ᠪᠧᠢ ᠰᠢᠨ ᠨᠡᠶᠢᠭᠡᠮ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ ᠎ ᠨᠢ ᠶᠡᠭᠡ᠂ ᠴᠠᠬᠢᠯᠭᠠᠨ ᠴᠡᠨᠡᠭᠯᠡᠬᠦ ᠪᠠᠭᠠᠨ᠎ᠠ ᠴᠥᠭᠡᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠮᠢᠶᠠᠷᠤᠯᠲᠠ ᠶᠢᠨ ᠬᠦᠴᠢᠷᠳᠡᠯ ᠶᠡᠬᠡᠲᠡᠢ ᠠᠰᠠᠭᠤᠳᠠᠯ ᠳᠤ ᠴᠢᠭᠯᠡᠭᠦᠯᠦᠨ᠂ ᠪᠧᠢ ᠰᠢᠨ ᠨᠡᠶᠢᠭᠡᠮ ᠲᠣᠭᠤᠷᠢᠭ ᠤᠨ ᠬᠢᠨ ᠰᠦᠯᠵᠢᠶᠡᠨ ᠳᠡᠭᠡᠷᠡᠬᠢ ᠱᠠᠩᠨᠠᠯ ᠲᠠᠢ ᠮᠡᠳᠡᠯᠭᠡ ᠶᠢᠨ ᠥᠷᠢᠰᠦᠯᠳᠦᠭᠡᠨ ᠢ ᠥᠷᠨᠢᠭᠦᠯᠬᠦ ᠪᠠᠷ ᠲᠣᠭᠲᠠᠵᠤ᠂ ᠡᠳᠦᠷ ᠲᠤᠲᠤᠮ ᠤᠨ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠣᠷᠴᠢᠨ ᠠᠬᠤᠢ ᠶᠢᠨ ᠬᠠᠮᠠᠭᠠᠯᠠᠯᠲᠠ ᠶᠢᠨ ᠮᠡᠳᠡᠯᠭᠡ ᠶᠢᠨ ᠲᠣᠭᠤᠷᠢᠨ ᠳᠤ ᠰᠡᠳᠦᠪ ᠲᠣᠬᠢᠷᠠᠭᠤᠯᠤᠨ᠂ ᠥᠷᠭᠡᠨ ᠣᠯᠠᠨ ᠰᠠᠭᠤᠭᠠᠯᠢ ᠠᠷᠠᠳ ᠢ ᠳᠠᠶᠢᠴᠢᠯᠠᠨ ᠰᠡᠳᠦᠪ ᠬᠠᠷᠢᠭᠤᠯᠬᠤ ᠳᠤ ᠢᠳᠡᠪᠬᠢᠲᠡᠢ ᠣᠷᠣᠯᠴᠠᠭᠤᠯᠵᠤ᠂ 80 ᠬᠤᠪᠢ ᠠᠴᠠ ᠳᠡᠭᠡᠭᠰᠢ ᠬᠠᠷᠢᠭᠤᠯᠪᠠᠯ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠤᠪᠴᠠᠰᠤ ᠶᠢ ᠨᠢᠭᠡ ᠵᠠᠬ᠎ᠠ ᠣᠯᠵᠤ ᠪᠣᠯᠬᠤ ᠪᠥᠭᠡᠳ ᠳᠠᠷᠠᠭ᠎ᠠ ᠡᠳᠦᠷ ᠨᠢ ᠱᠠᠩᠨᠠᠯ ᠤᠨ ᠪᠣᠳᠠᠰ ᠢ ᠦᠭᠭᠦᠨ᠎ᠡ᠃ ᠠᠵᠢᠯᠯᠠᠭ᠎ᠠ ᠶᠢᠨ ᠲᠤᠬᠠᠢ ᠶᠢᠨ ᠡᠳᠦᠷ ᠲᠤ ᠨᠡᠶᠢᠲᠡ 100 ᠭᠠᠷᠤᠢ ᠲᠡᠷᠭᠡᠨ ᠤ ᠪᠦᠷᠬᠦᠭᠦᠯ ᠢ ᠲᠦᠭᠡᠭᠡᠵᠡᠢ᠃       ᠱᠠᠩᠨᠠᠯ ᠤᠨ ᠪᠣᠳᠠᠰ ᠠᠪᠤᠭᠰᠠᠨ ᠲᠤᠬᠠᠢ ᠶᠢᠨ ᠲᠠᠯᠠᠪᠠᠢ ᠳᠤ᠂ ᠪᠧᠢ ᠰᠢᠨ ᠨᠡᠶᠢᠭᠡᠮ ᠲᠣᠭᠤᠷᠢᠭ ᠤᠨ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠴᠠᠬᠢᠯᠭᠠᠨ ᠬᠥᠳᠡᠯᠭᠡᠭᠦᠷᠲᠦ ᠲᠡᠷᠭᠡ ᠶᠢ ᠤᠬᠢᠶᠠᠵᠤ ᠥᠭᠴᠡᠢ᠂ ᠰᠣᠨᠤᠰᠬᠤᠯᠠᠷ ᠨᠡᠶᠢᠭᠡᠮ ᠲᠣᠭᠤᠷᠢᠭ ᠲᠤ ᠰᠦᠢᠳᠬᠡᠯ ᠬᠤᠷᠢᠶᠠᠬᠤ ᠦᠭᠡᠢ ᠪᠠᠷ ᠴᠠᠬᠢᠯᠭᠠᠨ ᠬᠥᠳᠡᠯᠭᠡᠭᠦᠷᠲᠦ ᠲᠡᠷᠭᠡ ᠶᠢ ᠤᠬᠢᠶᠠᠵᠤ ᠴᠡᠪᠡᠷᠯᠡᠬᠦ ᠠᠵᠢᠯᠯᠠᠭ᠎ᠠ ᠶᠠᠪᠤᠭᠳᠠᠵᠤ᠂ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠦᠷᠭᠡᠵᠦ ᠢᠷᠡᠭᠰᠡᠨ ᠳᠤ᠂ ᠰᠠᠶᠢᠨ  ᠳᠤᠷᠠᠴᠤᠤᠯ ᠠᠴᠠ ᠬᠠᠮᠲᠤᠪᠠᠷ ᠣᠷᠣᠯᠴᠠᠵᠤ᠂ ᠠᠵᠢᠯ ᠢᠶᠠᠨ ᠬᠤᠪᠢᠳᠠᠨ ᠬᠠᠮᠲᠤᠷᠠᠯᠴᠠᠵᠤ᠂ ᠰᠠᠶᠢᠨ ᠳᠤᠷᠠᠴᠤᠤᠯ ᠤᠨ ᠨᠠᠷᠢᠨ ᠨᠢᠮᠪᠠᠢ ᠤᠬᠢᠶᠠᠵᠤ ᠴᠡᠪᠡᠷᠯᠡᠭᠰᠡᠨ ᠢᠶᠠᠷ  ᠴᠤ ᠰᠢᠨ᠎ᠡ ᠭᠡᠷᠡᠯ ᠭᠢᠯᠪᠠᠭ᠎ᠠ ᠪᠠᠨ ᠰᠠᠴᠤᠷᠠᠭᠤᠯᠵᠠᠢ᠃       ᠳᠠᠷᠠᠭᠠᠴᠢ ᠶᠢᠨ ᠠᠯᠬᠤᠮ ᠳᠤ᠂ ᠪᠧᠢ ᠰᠢᠨ ᠨᠡᠶᠢᠭᠡᠮ ᠲᠣᠭᠤᠷᠢᠭ ᠦᠷᠭᠦᠯᠵᠢᠯᠡᠨ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠳᠤ ᠨᠡᠶᠢᠴᠡᠬᠦ ᠤᠯᠠᠨ ᠵᠦᠢᠯ ᠤᠨ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠤᠯᠠᠨ ᠬᠠᠷᠠᠭᠠᠰᠤ᠂ ᠤᠯᠠᠨ ᠬᠡᠯᠪᠡᠷᠢ ᠶᠢᠨ ᠤᠬᠠᠭᠤᠯᠭ᠎ᠠ ᠬᠢᠵᠦ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号