ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ 2024 ᠣᠨ ᠤ ᠴᠢᠩᠱᠠᠨ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ︱ ᠬᠠᠶᠢᠷ᠎ᠠ ᠬᠠᠯᠠᠮᠵᠢ ᠶᠢᠨ ᠰᠠᠭᠤᠳᠠᠯ ᠢ ᠤᠭᠰᠠᠷᠠᠬᠤ ᠲᠦᠷᠦᠯ ᠵᠦᠢᠯ ᠢ ᠤᠷᠢᠳᠠᠪᠠᠷ ᠪᠡᠶᠡᠯᠡᠭᠦᠯᠵᠡᠢ
ᠨᠡᠶᠢᠲᠡᠯᠡᠭᠰᠡᠨ ᠴᠠᠭ᠄
2024/5/8
      ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠥᠮᠦᠯᠢᠭ᠂ ᠲᠦᠭᠡᠮᠡᠯ ᠬᠠᠶᠢᠷ᠎ᠠ᠂ ᠬᠠᠷᠠᠮ ᠦᠭᠡᠢ ᠵᠣᠷᠢᠭᠤᠯᠬᠤ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠴᠢᠷᠮᠠᠶᠢᠭᠰᠠᠭᠠᠷ ᠢᠷᠡᠵᠡᠶ᠃ 2024 ᠣᠨ ᠳᠤ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠡᠩ ᠲᠡᠷᠢᠭᠦᠨ ᠳᠤ ᠴᠢᠩᠱᠠᠨ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ︱ ᠬᠠᠶᠢᠷ᠎ᠠ ᠬᠠᠯᠠᠮᠵᠢ ᠶᠢᠨ ᠰᠠᠭᠤᠳᠠᠯ ᠢ ᠤᠭᠰᠠᠷᠠᠬᠤ ᠲᠦᠷᠦᠯ ᠵᠦᠢᠯ ᠢ ᠪᠡᠶᠡᠯᠡᠭᠦᠯᠵᠦ᠂ ᠴᠢᠩᠱᠠᠨ ᠲᠣᠭᠤᠷᠢᠭ ᠤᠨ ᠬᠡᠰᠡᠭ ᠰᠠᠭᠤᠭᠠᠯᠢ ᠠᠷᠠᠳ ‍ᠤᠨ‌ᠬᠠᠭᠤᠴᠢᠨ ᠲᠣᠭᠤᠷᠢᠭ ᠤᠨ ᠠᠰᠠᠷ ᠤᠨ ᠭᠤᠳᠤᠮᠵᠢ ᠳᠤ ᠬᠠᠶᠢᠷ᠎ᠠ ᠬᠠᠯᠠᠮᠵᠢ ᠶᠢᠨ ᠰᠠᠭᠤᠳᠠᠯ ᠢ ᠤᠭᠰᠠᠷᠠᠪᠠ᠃       ᠣᠳᠣ ᠪᠣᠯᠲᠠᠯ᠎ᠠ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ  ᠨᠢᠭᠡᠨᠲᠡ ᠮᠦᠩᠬᠡᠵᠢᠯ ᠵᠠᠮ ᠤᠨ ᠵᠡᠭᠡᠯᠢ ᠭᠤᠳᠤᠮᠵᠢ᠂ ᠴᠢᠯᠦᠭᠡᠲᠦ ᠵᠠᠮ ᠤᠨ ᠵᠡᠭᠡᠯᠢ ᠭᠤᠳᠤᠮᠵᠢ᠂ ᠬᠤᠰᠢᠭᠤᠴᠢ ᠵᠠᠮ ᠤᠨ ᠵᠡᠭᠡᠯᠢ ᠭᠤᠳᠤᠮᠵᠢ᠂ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ 60 ᠰᠠᠭᠤᠷᠢ ᠠᠰᠠᠷ᠂ 303 ᠨᠢᠭᠡᠴᠡ ᠳᠤ 480 ᠢᠵᠢ ᠬᠠᠶᠢᠷ᠎ᠠ ᠬᠠᠯᠠᠮᠵᠢ ᠶᠢᠨ ᠰᠠᠨᠳᠠᠯᠢ ᠲᠠᠭᠠᠷᠠᠭᠤᠯᠵᠠᠶ᠃ 20000 ᠭᠠᠷᠤᠢ ᠰᠠᠭᠤᠭᠠᠯᠢ ᠠᠷᠠᠳ ᠢ ᠬᠠᠮᠤᠷᠴᠤ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠠᠷᠠᠳ ᠲᠤ ᠲᠦᠷ ᠠᠮᠠᠷᠠᠬᠤ ᠭᠠᠵᠠᠷ ᠬᠠᠩᠭᠠᠵᠤ᠂ ᠶᠠᠪᠠᠭᠠᠨ ᠠᠰᠠᠷ ᠲᠤ ᠰᠠᠭᠤᠵᠤ ᠪᠠᠶᠢᠭ᠎ᠠ ᠨᠠᠰᠤᠲᠠᠶᠢᠴᠤᠳ ᠤᠨ ᠠᠰᠠᠷ ᠳᠡᠭᠡᠷ᠎ᠡ ᠭᠠᠷᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠦᠬᠦᠮ ᠦᠵᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠪᠡ᠃ ᠲᠦᠷᠦᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠥᠷᠭᠡᠨ ᠤᠯᠠᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠤ᠂ ᠡᠳᠡᠭᠡᠷ ᠰᠠᠭᠤᠳᠠᠯ ᠤᠳ ᠨᠢ ᠲᠡᠳᠡᠨᠤᠰ ᠤᠨ ᠠᠰᠠᠷ ᠲᠤ ᠭᠠᠷᠴᠤ ᠪᠠᠭᠤᠬᠤ ᠳᠠᠷᠤᠭᠠᠰᠤ ᠶᠢ ᠲᠤᠶᠢᠯ ᠤᠨ ᠶᠡᠭᠡ ᠪᠠᠷ ᠬᠥᠩᠭᠡᠷᠡᠭᠦᠯᠵᠦ᠂ ᠠᠰᠠᠷ ᠤᠨ ᠭᠤᠳᠤᠮᠵᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ ᠨᠢᠭᠡᠨ ᠵᠢᠵᠢᠭᠬᠡᠨ ᠰᠠᠨᠳᠠᠯᠢ ᠨᠢ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠨᠠᠰᠤᠲᠠᠶᠢᠴᠤᠳ ᠢ ᠠᠰᠠᠷ ᠠᠴᠠ ᠪᠠᠭᠤᠯᠭᠠᠬᠤ ᠳᠤ ︽ᠬᠦᠴᠦ ᠵᠢᠭᠡᠯᠡᠬᠦ︾ ᠭᠠᠵᠠᠷ ᠲᠠᠢ ᠪᠣᠯᠭᠠᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号