ᠴᠢᠩᠱᠠᠨ ᠲᠣᠭᠤᠷᠢᠭ ᠤᠨ ᠬᠤᠷᠢᠨ ᠬᠤᠶᠠᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠠᠮᠵᠢᠯᠲᠠ ᠲᠠᠢ ᠡᠬᠢᠯᠡᠪᠡ
ᠨᠡᠶᠢᠲᠡᠯᠡᠭᠰᠡᠨ ᠴᠠᠭ᠄
2024/5/8
      ᠥᠷᠭᠡᠨ ᠤᠯᠠᠨ ᠵᠠᠯᠠᠭᠤ ᠺᠠᠳ᠋ᠷᠴᠤᠳ ᠤᠨ ᠬᠦᠰᠡᠯ ᠢᠲᠡᠭᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠨᠤᠯ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠬᠤ ᠶᠢᠨ ᠲᠥᠯᠥᠭᠡ᠂ 5 ᠰᠠᠷ᠎ᠠ ᠶᠢᠨ 7᠎ ᠤ ᠡᠳᠦᠷ᠂ ᠴᠢᠩᠱᠠᠨ ᠲᠣᠭᠤᠷᠢᠭ ᠤᠨ 22 ᠳ᠋ᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠵᠢᠩᠬᠢᠨᠢ ᠪᠠᠷ ᠠᠩᠭᠢ ᠡᠬᠢᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠪᠢᠨ ᠬᠤᠸᠠ᠂ ᠵᠣᠬᠢᠶᠠᠨ ᠪᠠᠶᠢᠭᠤᠯᠬᠤ ᠬᠡᠯᠲᠡᠰ ᠤᠨ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠴᠢᠶᠣᠤ ᠶᠤᠸᠠᠢ ᠧ᠂ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢ ᠯᠦ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ ᠯᠢᠦ ᠪᠢᠨ ᠬᠤᠸᠠ ᠶᠡᠷᠦᠩᠬᠡᠢ ᠱᠦᠵᠢ ᠰᠢ ᠶᠢᠨ ᠫᠢᠩ 2024 ᠣᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠬᠦ ᠦᠶ᠎ᠡ ᠳᠤ ᠭᠠᠷᠭᠠᠭᠰᠠᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠭᠰᠠᠨ ᠪᠥᠭᠡᠳ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠲᠣᠭᠤᠷᠢᠨ ᠳᠤ ᠪᠥᠬᠦ ᠲᠤᠭᠤᠷᠢᠭ ᠤᠨ ᠪᠣᠯᠪᠠᠰᠤᠷᠠᠯ ᠳᠤ ᠣᠷᠣᠯᠴᠠᠭᠰᠠᠨ 45 ᠰᠤᠷᠤᠭᠴᠢᠳ ᠲᠤ ︽ᠠᠩᠭᠢ ᠡᠬᠢᠯᠡᠬᠦ ᠠᠩᠬᠠᠨ ᠤ ᠬᠢᠴᠢᠶᠡᠯ︾ ᠵᠢᠭᠠᠵᠤ ᠥᠭᠭᠦᠭᠰᠡᠨ ᠪᠠᠶᠢᠨ᠎ᠠ᠃       ᠯᠢᠦ ᠪᠢᠨ ᠬᠤᠸᠠ᠂ ᠶᠡᠷᠦᠩᠬᠡᠢ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠤᠷᠤᠯᠴᠠᠨ ᠡᠵᠡᠮᠰᠢᠵᠦ᠂ ᠬᠦᠰᠡᠯ ᠢᠲᠡᠭᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠤᠯᠴᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠴᠢᠳᠠᠪᠤᠷᠢ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢ ︽ᠵᠠᠪᠠᠯ ᠰᠤᠷᠬᠤ ᠬᠢᠴᠢᠶᠡᠯ︾᠂ ︽ᠤᠷᠢᠳᠠᠪᠠᠷ ᠰᠤᠷᠬᠤ ᠰᠢᠲᠠᠷ᠎ᠠ︾ ᠪᠣᠯᠭᠠᠵᠤ᠂ ᠰᠤᠷᠤᠯᠴᠠᠯᠭ᠎ᠠ ᠶᠢᠨ ᠳᠤᠮᠳᠠ ᠬᠠᠷᠠᠭ᠎ᠠ ᠪᠠᠨ ᠥᠷᠭᠡᠳᠬᠡᠵᠦ᠂ ᠮᠡᠳᠡᠯᠭᠡ ᠪᠠᠨ ᠪᠠᠶᠠᠯᠢᠭᠵᠢᠭᠤᠯᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠶᠡᠭᠡ ᠦᠢᠯᠡᠳᠦᠯ ᠲᠠᠢ ᠪᠥᠭᠡᠳ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃       ᠲᠤᠰ ᠤᠳᠠᠭ᠎ᠠ ᠶᠢᠨ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠬᠤ ︽ᠨᠠᠮ ᠤᠨ ᠪᠠᠶᠢᠭᠤᠯᠤᠯᠲᠠ ᠶᠢᠨ ᠬᠡᠰᠡᠭ︾᠂ ︽ᠦᠨᠳᠦᠰᠦᠲᠡᠨ ᠤ ᠬᠡᠰᠡᠭ︾᠂ ︽ᠥᠪᠥᠷ ᠮᠣᠩᠭᠤᠯ ᠤᠨ ᠬᠡᠰᠡᠭ︾᠎ ᠶᠢ ᠭᠦᠨᠵᠡᠭᠡᠢ ᠰᠤᠷᠤᠯᠴᠠᠵᠦ᠂ ᠨᠠᠮᠴᠢ ᠴᠢᠨᠠᠷ ᠤᠨ ᠬᠥᠮᠦᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠲᠣᠪᠤᠶᠢᠯᠭᠠᠨ᠂ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾ ᠪᠠ ︽ᠲᠤᠯᠤᠭᠠᠨ ᠶᠡᠭᠡ ᠠᠵᠢᠯᠯᠠᠭ᠎ᠠ︾᠎ ᠶᠢ ᠰᠠᠶᠢᠲᠤᠷ ᠠᠳᠬᠤᠬᠤ ᠴᠢᠳᠠᠪᠤᠷᠢ ᠪᠠᠨ ᠴᠢᠩᠭᠠᠳᠬᠠᠵᠤ᠂ ᠲᠤᠰᠬᠠᠢ ᠰᠡᠳᠦᠪᠲᠦ ᠲᠠᠶᠢᠯᠤᠮᠵᠢ᠂ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ᠂ ᠳᠠᠭᠤᠷᠢᠶᠠᠮᠠᠯ ᠪᠣᠳᠠᠲᠠᠢ ᠪᠣᠯᠪᠠᠰᠤᠷᠠᠭᠤᠯᠤᠯ᠂ ᠨᠢᠭᠡᠳᠦᠭᠡᠷ ᠹᠷᠣᠨᠲ ᠤᠨ ᠪᠠᠶᠢᠴᠠᠭᠠᠨ ᠰᠤᠳᠤᠯᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠨᠢᠭᠡ ᠰᠠᠷ᠎ᠠ ᠶᠢᠨ ᠬᠤᠭᠤᠴᠠᠭ᠎ᠠ ᠲᠠᠢ ᠬᠥᠮᠦᠵᠢᠯ ᠪᠣᠯᠪᠠᠰᠤᠷᠠᠭᠤᠯᠤᠯ ᠢ ᠥᠷᠨᠢᠭᠦᠯᠦᠨ᠎ᠡ᠃ ᠬᠢᠴᠢᠶᠡᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ᠂ ᠨᠠᠮ ᠤᠨ ᠣᠨᠣᠯ ᠤᠨ ᠰᠢᠨ᠎ᠡ ᠶᠢ ᠡᠭᠦᠳᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠨᠠᠮᠴᠢ ᠴᠢᠨᠠᠷ ᠤᠨ ᠬᠥᠮᠦᠵᠢᠯ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠵᠡᠷᠭᠡ ᠳᠥᠷᠪᠡᠨ ᠶᠡᠭᠡ ᠬᠡᠰᠡᠭ ᠢ ᠬᠠᠮᠤᠷᠴᠤ᠂ ᠨᠠᠷᠢᠯᠢᠭ ᠤᠨᠤᠪᠴᠢᠲᠠᠢ᠂ ᠲᠤᠰᠬᠠᠶᠢᠵᠢᠭᠰᠠᠨ ᠪᠣᠯᠪᠠᠰᠤᠷᠠᠭᠤᠯᠤᠯ ᠢᠶᠠᠷ ᠳᠠᠮᠵᠢᠭᠤᠯᠤᠨ ᠬᠥᠮᠥᠵᠢᠭᠦᠯᠬᠦ ᠡᠲᠡᠭᠡᠳ ᠢᠶᠠᠨ ᠨᠠᠩ ᠲᠦᠷᠭᠡᠨ ᠪᠣᠶᠢᠵᠢᠭᠤᠯᠬᠤ ᠶᠢ ᠬᠥᠲᠥᠯᠥᠨ ᠵᠢᠯᠤᠭᠤᠳᠴᠤ᠂ ᠵᠠᠯᠠᠭᠤ ᠺᠠᠳ᠋ᠷᠴᠤᠳ ᠤᠨ ︽ᠣᠶᠤᠨ ᠰᠠᠨᠠᠭᠠᠨ ᠤ ᠲᠠᠯ᠎ᠠ ᠪᠠᠷ ᠬᠥᠭᠡᠭᠡᠴᠡᠯᠳᠦᠯ ᠲᠠᠢ᠂ ᠴᠢᠳᠠᠪᠤᠷᠢ ᠶᠢᠨ ᠲᠠᠯ᠎ᠠ ᠪᠠᠷ ᠳᠡᠭᠡᠭᠰᠢᠯᠡᠯᠲᠡ ᠲᠠᠢ᠂ ᠠᠵᠢᠯ ᠤᠨ ᠪᠦᠲᠦᠮᠵᠢ ᠶᠢᠨ ᠲᠠᠯ᠎ᠠ ᠪᠠᠷ ᠰᠢᠪᠲᠤᠯᠤᠯᠲᠠ ᠲᠠᠢ︾ ᠪᠠᠶᠢᠬᠤ ᠶᠢ ᠲᠦᠷᠭᠡᠪᠴᠢᠯᠡᠨ ᠪᠡᠶᠡᠯᠡᠭᠦᠯᠦᠨ᠎ᠡ᠃       ᠤᠷᠢ ᠵᠠᠯᠠᠭᠤ ᠨᠠᠰᠤᠨ ᠤ ᠬᠥᠭᠵᠢᠯ ᠪᠠᠳᠠᠷᠠᠯ ᠲᠠᠢ ᠴᠠᠭ ᠲᠣᠬᠢᠶᠠᠯᠳᠤᠯ᠎ᠠ᠂ ᠡᠷᠡᠯᠬᠡᠭᠯᠡᠨ ᠲᠡᠮᠡᠴᠡᠵᠦ ᠴᠠᠭ ᠲᠠᠭᠠᠨ ᠲᠠᠭᠠᠷᠠᠨ᠎ᠠ᠃ ᠰᠤᠷᠤᠭᠴᠢᠳ ᠲᠤᠰ ᠤᠳᠠᠭᠠᠨ ᠤ ᠪᠣᠯᠪᠠᠰᠤᠷᠠᠯ ᠤᠨ ᠪᠤᠶᠢᠵᠢᠯᠲᠠ ᠶᠢᠨ ᠠᠵᠠ ᠲᠣᠬᠢᠶᠠᠯ ᠢ ᠣᠨᠴᠠ ᠨᠠᠨᠳᠢᠩᠨᠠᠨ᠂ ᠰᠣᠷᠣᠭᠰᠠᠨ ᠠᠰᠢᠭ ᠣᠷᠣᠯᠭ᠎ᠠ ᠪᠠᠨ ᠡᠷᠡᠯᠬᠡᠭᠯᠡᠨ ᠤᠷᠤᠭᠰᠢᠯᠠᠬᠤ ᠬᠦᠴᠦᠨ ᠪᠣᠯᠭᠠᠨ ᠬᠤᠪᠢᠷᠠᠭᠤᠯᠵᠤ᠂ ᠴᠠᠭ ᠦᠶ᠎ᠡ ᠶᠢᠨ ᠠᠵᠠ ᠲᠣᠬᠢᠶᠠᠯ ᠢ ᠰᠢᠨ᠎ᠡ ᠶᠢ ᠡᠭᠦᠳᠬᠦ ᠣᠮᠤᠭ ᠰᠦᠷ ᠪᠣᠯᠭᠠᠨ ᠬᠤᠪᠢᠷᠠᠭᠤᠯᠵᠤ᠂ ᠬᠡᠬᠦᠳᠡᠭ ᠳᠦᠭᠦᠷᠡᠩ ᠬᠠᠯᠠᠭᠤᠨ ᠴᠢᠰᠤ ᠪᠠᠨ ᠡᠷᠡᠮᠡᠬᠡᠶᠢᠯᠡᠨ ᠤᠷᠤᠭᠰᠢᠯᠠᠬᠤ ᠪᠣᠳᠠᠲᠠᠢ ᠠᠵᠢᠯᠯᠠᠬᠤ ᠡᠭᠦᠷᠭᠡᠯᠡᠯ ᠪᠣᠯᠭᠠᠨ ᠬᠤᠪᠢᠷᠠᠭᠤᠯᠵᠤ᠂ ︽ᠲᠤᠯᠤᠭᠠᠨ ᠰᠢᠨ᠎ᠡ ᠴᠢᠩᠱᠠᠨ︾᠎ ᠶᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢᠨ ᠲᠥᠯᠥᠭᠡ ᠦᠷᠭᠦᠯᠵᠢᠯᠡᠨ ᠲᠡᠮᠡᠴᠡᠵᠦ᠂ ᠪᠤᠭᠤᠲᠤ ᠬᠤᠲᠠ ᠶᠢᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠳᠠᠬᠢᠨ ᠪᠤᠴᠠᠬᠤ᠂ ᠪᠤᠭᠤᠲᠤ ᠶᠢᠨ ᠰᠦᠷ ᠵᠢᠪᠬᠤᠭ᠎ᠠ ᠶᠢ ᠳᠠᠬᠢᠨ ᠮᠠᠨᠳᠤᠭᠤᠯᠬᠤ ᠶᠢᠨ ᠲᠥᠯᠥᠭᠡ ᠵᠠᠯᠠᠭᠤ ᠺᠠᠳ᠋ᠷᠴᠤᠳ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号