ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/8
      5 ᠰᠠᠷ᠎ᠠ ᠶᠢᠨ 7᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠦ᠂ 4 ᠰᠠᠷ᠎ᠠ ᠶᠢᠨ 30᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ  ᠲᠦᠷᠦ ᠶᠢᠨ ᠲᠤᠪᠴᠢᠶᠠᠨ ᠤ ᠬᠤᠷᠠᠯ ᠤᠨ ᠵᠤᠷᠢᠭ ᠰᠠᠨᠠᠭ᠎ᠠ᠂ ᠶᠡᠷᠦᠩᠬᠡᠢ‌‍ᠱᠦ᠋ᠵᠢ ᠰᠢ ᠶᠢᠨ ᠫᠢᠩ ᠭᠤᠸᠠᠩᠳᠦ᠋ᠩ ᠤᠨ ᠮᠧᠶ ᠵᠧᠦ ᠬᠤᠲᠠ ᠎ ᠶᠢᠨ ᠮᠧᠶ ᠳ᠋ᠡ ᠲᠦᠷᠭᠡᠨ ᠵᠠᠰᠠᠮᠠᠯ ᠵᠠᠮ ᠤᠨ ᠴᠠ ᠶᠠᠩ ᠬᠡᠰᠡᠭ ᠤᠨ ᠨᠤᠷᠠᠭᠰᠠᠨ ᠭᠠᠵᠠᠷ ᠤᠨ ᠭᠠᠮᠰᠢᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠲᠠᠪᠤᠨ ᠰᠠᠷ᠎ᠠ ᠎ ᠶᠢᠨ ᠨᠢᠭᠡᠨ ᠤ ᠳᠡᠯᠡᠬᠡᠢ ᠎ ᠶᠢᠨ ᠬᠥᠳᠡᠯᠮᠦᠷᠢᠴᠢᠳ ᠤᠨ ᠪᠠᠶᠠᠷ᠂ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠲᠤ ᠪᠦᠬᠦ ᠤᠯᠤᠰ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠪᠠ ᠥᠷᠭᠡᠨ ᠣᠯᠠᠨ ᠵᠠᠯᠠᠭᠤᠴᠤᠳ ᠲᠤ ᠪᠠᠶᠠᠷ ᠬᠦᠷᠭᠡᠵᠦ᠂ ᠲᠣᠬᠤᠨᠢᠭᠤᠯᠵᠤ᠂ ᠮᠡᠨᠳᠦᠴᠢᠯᠡᠯ ᠬᠦᠷᠭᠡᠬᠦ ᠦᠶ᠎ᠡ ᠎ ᠶᠢᠨ ᠴᠢᠬᠤᠯᠠ ᠵᠢᠭᠠᠪᠤᠷᠢ ᠎ ᠶᠢᠨ ᠵᠣᠷᠢᠭ ᠰᠠᠨᠠᠭ᠎ᠠ ᠎ ᠶᠢ ᠤᠯᠠᠮᠵᠢᠯᠠᠨ ᠰᠤᠷᠤᠯᠴᠠᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃                                                          ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ  ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠭᠦᠨᠵᠡᠭᠡᠢ ᠣᠶᠢᠯᠠᠭᠠᠨ ᠪᠠᠲᠤ ᠡᠵᠡᠮᠰᠢᠵᠦ᠂ ︽1511︾ ᠠᠵᠤ ᠦᠢᠯᠡᠰ ᠤᠨ ᠪᠦᠯᠦᠭᠵᠢᠯ ᠢ ᠲᠦᠷᠭᠡᠨ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠪᠦᠬᠦᠢ ᠬᠦᠴᠦᠨ ᠢ ᠶᠡᠬᠡᠪᠡᠷ ᠬᠥᠭᠵᠢᠭᠦᠯᠦᠨ ᠪᠣᠶᠢᠵᠢᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠰᠢ ᠬᠤᠪᠢᠷᠠᠭᠤᠯᠬᠤ ᠶᠢ ᠲᠦᠷᠭᠡᠳᠬᠡᠵᠦ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠰᠢᠨ᠎ᠡ ᠨᠡᠮᠡᠭᠳᠡᠯ ᠰᠢᠨ᠎ᠡ ᠬᠥᠳᠡᠯᠭᠡᠬᠦ ᠬᠦᠴᠦᠨ ᠢ ᠦᠨᠡᠨᠬᠦ ᠪᠤᠢ  ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃             ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠷᠠᠭᠤᠯᠤᠨ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠡᠷᠡᠭᠵᠢᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠭᠡᠨᠡᠳᠲᠡ ᠶᠢᠨ ᠠᠳᠡᠯ ᠤᠨ ᠭᠠᠮᠰᠢᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠤᠨ᠂ ᠬᠦᠨᠳᠦ ᠶᠡᠭᠡ ᠠᠳᠡᠯ ᠤᠨ ᠭᠠᠮᠰᠢᠭ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠳᠡᠯᠮᠦᠷᠢᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠪᠦᠬᠦ ᠲᠤᠭᠤᠷᠢᠭ ᠤᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠦᠷᠭᠦᠯᠵᠢᠯᠡᠨ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠵᠠᠯᠠᠭᠤᠴᠤᠳ ᠤᠨ ᠬᠥᠭᠵᠢᠯᠲᠡ ᠶᠢᠨ ᠮᠠᠶ᠋ᠢᠭ ᠤᠨ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠵᠠᠯᠠᠭᠤᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠡᠯ᠎ᠡ ᠵᠦᠢᠯ ᠤᠨ ᠭᠤᠣᠯ ᠪᠣᠯᠬᠤ ᠭᠤᠣᠯᠳᠠᠯᠭ᠎ᠠ ᠲᠠᠢ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠥᠷᠭᠡᠨ ᠤᠯᠠᠨ ᠵᠠᠯᠠᠭᠤᠴᠤᠳ ᠤᠨ ᠪᠡᠯᠡᠳᠬᠡᠯ ᠬᠦᠴᠦᠨ ᠪᠠ ᠭᠠᠪᠰᠢᠭᠠᠢ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠰᠢᠳᠤᠷᠭᠤ ᠬᠠᠪᠰᠤᠷᠤᠭᠴᠢ ᠪᠠ ᠨᠠᠶᠢᠳᠠᠪᠤᠷᠢᠲᠠᠢ ᠪᠡᠯᠡᠳᠬᠡᠯ ᠴᠡᠷᠢᠭ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠠᠵᠤ ᠠᠬᠤᠢ ᠶᠢᠨ ᠠᠵᠢᠯᠯᠠᠭ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠬᠤ ᠵᠡᠷᠭᠡ ᠠᠵᠢᠯ ᠢ ᠰᠤᠳᠤᠯᠵᠠᠢ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号