ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠥᠮᠦᠯᠢᠭ᠂ ᠲᠦᠭᠡᠮᠡᠯ ᠬᠠᠶᠢᠷ᠎ᠠ᠂ ᠬᠠᠷᠠᠮ | ᠦᠭᠡᠢ ᠵᠣᠷᠢᠭᠤᠯᠬᠤ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠪᠠᠷ ᠴᠢᠷᠮᠠᠶᠢᠭᠰᠠᠭᠠᠷ ᠢᠷᠡᠵᠡᠶ᠃ 2024 ᠣᠨ ᠳᠤ᠂ ᠴᠢᠩᠱᠠᠨ ᠲᠣᠭᠤᠷᠢᠭ ᠤᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠡᠩ ᠲᠡᠷᠢᠭᠦᠨ ᠳᠤ ᠴᠢᠩᠱᠠᠨ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ︱ ᠬᠠᠶᠢᠷ᠎ᠠ ᠬᠠᠯᠠᠮᠵᠢ ᠶᠢᠨ ᠰᠠᠭᠤᠳᠠᠯ ᠢ ᠤᠭᠰᠠᠷᠠᠬᠤ ᠲᠦᠷᠦᠯ ᠵᠦᠢᠯ ᠢ | ᠪᠡᠶᠡᠯᠡᠭᠦᠯᠵᠦ᠂ ᠴᠢᠩᠱᠠᠨ ᠲᠣᠭᠤᠷᠢᠭ ᠤᠨ ᠬᠡᠰᠡᠭ ᠰᠠᠭᠤᠭᠠᠯᠢ ᠠᠷᠠᠳ ᠤᠨᠬᠠᠭᠤᠴᠢᠨ ᠲᠣᠭᠤᠷᠢᠭ ᠤᠨ ᠠᠰᠠᠷ ᠤᠨ | ᠭᠤᠳᠤᠮᠵᠢ ᠳᠤ ᠬᠠᠶᠢᠷ᠎ᠠ ᠬᠠᠯᠠᠮᠵᠢ ᠶᠢᠨ ᠰᠠᠭᠤᠳᠠᠯ ᠢ ᠤᠭᠰᠠᠷᠠᠪᠠ᠃ | ᠣᠳᠣ ᠪᠣᠯᠲᠠᠯ᠎ᠠ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢᠭᠡᠨᠲᠡ ᠮᠦᠩᠬᠡᠵᠢᠯ | ᠵᠠᠮ ᠤᠨ ᠵᠡᠭᠡᠯᠢ ᠭᠤᠳᠤᠮᠵᠢ᠂ ᠴᠢᠯᠦᠭᠡᠲᠦ ᠵᠠᠮ ᠤᠨ ᠵᠡᠭᠡᠯᠢ ᠭᠤᠳᠤᠮᠵᠢ᠂ ᠬᠤᠰᠢᠭᠤᠴᠢ ᠵᠠᠮ ᠤᠨ ᠵᠡᠭᠡᠯᠢ ᠭᠤᠳᠤᠮᠵᠢ᠂ | ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ 60 ᠰᠠᠭᠤᠷᠢ ᠠᠰᠠᠷ᠂ 303 ᠨᠢᠭᠡᠴᠡ ᠳᠤ 480 ᠢᠵᠢ ᠬᠠᠶᠢᠷ᠎ᠠ | ᠬᠠᠯᠠᠮᠵᠢ ᠶᠢᠨ ᠰᠠᠨᠳᠠᠯᠢ ᠲᠠᠭᠠᠷᠠᠭᠤᠯᠵᠠᠶ᠃ 20000 ᠭᠠᠷᠤᠢ ᠰᠠᠭᠤᠭᠠᠯᠢ ᠠᠷᠠᠳ ᠢ ᠬᠠᠮᠤᠷᠴᠤ᠂ ᠰᠠᠭᠤᠭᠠᠯᠢ | ᠠᠷᠠᠳ ᠤᠨ ᠬᠠᠭᠤᠴᠢᠨ ᠲᠣᠭᠤᠷᠢᠭ ᠤᠨ ᠠᠷᠠᠳ ᠲᠤ ᠲᠦᠷ ᠠᠮᠠᠷᠠᠬᠤ ᠭᠠᠵᠠᠷ ᠬᠠᠩᠭᠠᠵᠤ᠂ ᠶᠠᠪᠠᠭᠠᠨ ᠠᠰᠠᠷ ᠲᠤ | ᠰᠠᠭᠤᠵᠤ ᠪᠠᠶᠢᠭ᠎ᠠ ᠨᠠᠰᠤᠲᠠᠶᠢᠴᠤᠳ ᠤᠨ ᠠᠰᠠᠷ ᠳᠡᠭᠡᠷ᠎ᠡ ᠭᠠᠷᠬᠤ ᠳᠤ ᠬᠦᠴᠢᠷ ᠪᠠᠶᠢᠬᠤ ᠠᠰᠠᠭᠤᠳᠠᠯ ᠢ | ᠰᠢᠢᠳᠪᠦᠷᠢᠯᠡᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠦᠬᠦᠮ ᠦᠵᠡᠭᠦᠯᠵᠦ᠂ ᠰᠠᠭᠤᠭᠠᠯᠢ ᠠᠷᠠᠳ ᠤᠨ | ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠪᠡ᠃ ᠲᠦᠷᠦᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠥᠷᠭᠡᠨ | ᠤᠯᠠᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠤ᠂ ᠡᠳᠡᠭᠡᠷ ᠰᠠᠭᠤᠳᠠᠯ ᠤᠳ ᠨᠢ ᠲᠡᠳᠡᠨᠤᠰ ᠤᠨ | ᠠᠰᠠᠷ ᠲᠤ ᠭᠠᠷᠴᠤ ᠪᠠᠭᠤᠬᠤ ᠳᠠᠷᠤᠭᠠᠰᠤ ᠶᠢ ᠲᠤᠶᠢᠯ ᠤᠨ ᠶᠡᠭᠡ ᠪᠠᠷ ᠬᠥᠩᠭᠡᠷᠡᠭᠦᠯᠵᠦ᠂ ᠠᠰᠠᠷ ᠤᠨ ᠭᠤᠳᠤᠮᠵᠢ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ ᠨᠢᠭᠡᠨ ᠵᠢᠵᠢᠭᠬᠡᠨ ᠰᠠᠨᠳᠠᠯᠢ ᠨᠢ | ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠨᠠᠰᠤᠲᠠᠶᠢᠴᠤᠳ ᠢ ᠠᠰᠠᠷ ᠠᠴᠠ ᠪᠠᠭᠤᠯᠭᠠᠬᠤ ᠳᠤ ︽ᠬᠦᠴᠦ | ᠵᠢᠭᠡᠯᠡᠬᠦ︾ ᠭᠠᠵᠠᠷ ᠲᠠᠢ ᠪᠣᠯᠭᠠᠵᠠᠢ᠃ |