ᠴᠢᠩᠱᠠᠨ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠳ᠋ᠦᠩ ᠳ᠋ᠠ ᠱᠠᠨ ᠤ ᠤᠷᠠᠯᠢᠭ ᠤᠨ ᠨᠠᠶᠢᠷ ᠵᠢᠴᠢ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠤᠬᠠᠭᠤᠯᠭ᠎ᠠ ᠦᠵᠡᠭᠦᠯᠦᠯᠭᠡ ᠶᠢᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/11
      6 ᠰᠠᠷ᠎ᠠ ᠶᠢᠨ 8 ᠤ ᠡᠳᠦᠷ᠂ ︽ᠲᠦᠮᠡᠨ ᠦᠵᠡᠭᠳᠡᠯᠲᠦ ᠤᠮᠠᠷᠠᠲᠤ ᠬᠢᠯᠢ     ᠲᠠᠪᠤᠨ ᠥᠩᠭᠡᠲᠦ ᠳ᠋ᠦᠩ ᠳ᠋ᠠ ᠱᠠᠨ︾ ᠴᠢᠩᠱᠠᠨ ᠲᠣᠭᠤᠷᠢᠭ ᠤᠨ 2024 ᠣᠨ ᠤ ᠨᠠᠢᠮᠠᠳᠤᠭᠠᠷ ᠬᠤᠭᠤᠴᠠᠭᠠᠨ ᠤ ᠳ᠋ᠦᠩ ᠳ᠋ᠠ ᠱᠠᠨ ᠤ ᠤᠷᠠᠯᠢᠭ ᠤᠨ ᠨᠠᠶᠢᠷ ᠵᠢᠴᠢ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠤᠬᠠᠭᠤᠯᠭ᠎ᠠ ᠦᠵᠡᠭᠦᠯᠦᠯᠭᠡ ᠶᠢᠨ ᠭᠤᠷᠪᠠᠨ ᠡᠳᠦᠷ ᠤᠨ ᠬᠤᠭᠤᠴᠠᠭ᠎ᠠ ᠲᠠᠢ ᠰᠢᠷᠢᠰ ᠠᠵᠢᠯᠯᠠᠭ᠎ᠠ ᠡᠬᠢᠯᠡᠪᠡ᠃      ᠲᠣᠰ ᠤᠳᠠᠭᠠᠨ ᠤ ᠤᠷᠠᠯᠢᠭ ᠤᠨ ᠨᠠᠶᠢᠷ ᠨᠢ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠰᠣᠶᠣᠯ ᠤᠨ ᠥᠨᠳᠦᠷᠯᠢᠭ ᠢ ᠴᠣᠭᠴᠠᠯᠠᠬᠤ ᠪᠠᠷ ᠵᠣᠷᠢᠯᠲᠠ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠬᠤ ᠪᠠᠷ ᠭᠤᠤᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠣᠯᠠᠨ ᠲᠦᠮᠡᠨᠴᠢ ᠴᠢᠨᠠᠷᠲᠠᠶ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠳᠡᠯᠭᠡᠨ ᠪᠣᠷᠣᠯᠠᠭᠤᠯᠤᠯᠲᠠ᠂ ᠭᠤᠤᠯ ᠰᠡᠳᠦᠪᠲᠦ ᠬᠡᠷᠡᠯ ᠵᠢᠷᠤᠭ ᠤᠨ ᠦᠵᠡᠰᠬᠦᠯᠡᠩ᠂ ᠤᠷᠠᠨ ᠪᠢᠴᠢᠯᠭᠡ ᠤᠷᠠᠨ ᠵᠢᠷᠤᠭ ᠤᠨ ᠱᠤᠭᠤᠮᠠᠯ ᠤᠨ ᠪᠦᠲᠦᠭᠡᠯ ᠤᠨ ᠦᠵᠡᠰᠬᠦᠯᠡᠩ᠂ ᠭᠤᠤᠯ ᠰᠡᠳᠦᠪᠲᠦ ᠳᠠᠭᠤᠤ ᠬᠥᠭᠵᠢᠮ ᠤᠨ ᠴᠤᠭᠯᠠᠷᠠᠯ᠂ ᠤᠷᠠᠯᠢᠭ ᠤᠨ ᠪᠦᠲᠦᠭᠡᠯ ᠤᠨ ᠦᠵᠡᠰᠬᠦᠯᠡᠩ᠂ ᠠᠷᠠᠳ ᠤᠨ ᠵᠠᠩ ᠦᠢᠯᠡ ᠶᠢᠨ ᠪᠦᠲᠦᠭᠡᠯ ᠤᠨ ᠦᠵᠡᠰᠬᠦᠯᠡᠩ᠂ ᠮᠣᠷᠢᠨ ᠵᠦᠴᠦᠭᠡ᠂ ᠬᠥᠳᠡᠭᠡ ᠲᠣᠰᠬᠤᠨ ᠤ ᠶᠡᠭᠡ ᠴᠤᠭᠯᠠᠭᠠᠨ᠂ ᠰᠢᠷᠠᠮᠠᠯ ᠬᠡᠭᠡᠷ᠎ᠡ ᠪᠠᠭᠤᠳᠠᠯᠯᠠᠬᠤ ᠵᠡᠷᠭᠡ 40 ᠭᠠᠷᠤᠶ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠠᠷᠠᠳ᠂ ᠵᠤᠭᠠᠴᠠᠭᠰᠠᠳ ᠤᠨ ᠠᠮᠠᠷᠠᠯᠲᠠ ᠶᠢᠨ ᠡᠳᠦᠷ ᠤᠨ ᠵᠤᠭ᠎ᠠ ᠴᠡᠩᠭᠡᠯ ᠤᠨ ᠥᠩᠭᠡᠷᠡᠯᠲᠡ ᠶᠢ ᠲᠦᠢᠯ ᠤᠨ ᠶᠡᠭᠡ ᠬᠡᠮᠵᠢᠶ᠎ᠡ ᠪᠠᠷ ᠬᠠᠩᠭᠠᠪᠠ᠃      ᠲᠣᠰ ᠤᠳᠠᠭᠠᠨ ᠤ ᠤᠷᠠᠯᠢᠭ ᠤᠨ ᠨᠠᠶᠢᠷ ᠡᠬᠢᠯᠡᠭᠰᠡᠨ ᠠᠩᠬᠠᠨ ᠤ ᠡᠳᠦᠷ ᠲᠣᠭᠤᠷᠢᠨ ᠦᠵᠡᠭᠴᠢᠳ ᠢ 5 ᠲᠦᠮᠡ ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠰᠦᠯᠵᠢᠶᠡᠨ ᠳᠡᠭᠡᠷᠡᠬᠢ ᠤᠷᠠᠯᠢᠭ ᠤᠨ ᠪᠦᠲᠦᠭᠡᠯ ᠤᠨ ᠦᠵᠡᠰᠬᠦᠯᠡᠩ ᠢ ᠥᠷᠨᠢᠭᠦᠯᠵᠦ᠂ ᠰᠢᠭᠤᠳ ᠨᠡᠪᠲᠡᠷᠡᠭᠦᠯᠭᠡ ᠪᠠᠷ ᠲᠦᠮᠡ ᠭᠠᠷᠤᠶ ᠬᠥᠮᠦᠨ ᠤᠳᠠᠭ᠎ᠠ ᠳᠤ ᠬᠦᠷᠴᠡᠶ᠃ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠳ᠋ᠦᠩ ᠳ᠋ᠡ ᠱᠠᠨ ᠤᠷᠠᠯᠢᠭ ᠤᠨ ᠲᠣᠭᠤᠷᠢᠭ ᠵᠢᠴᠢ ᠡᠷᠭᠢᠨ ᠲᠣᠭᠤᠷᠢᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠳᠠᠶᠢᠴᠢᠯᠠᠵᠤ᠂ ᠴᠢᠩᠱᠠᠨ ᠲᠣᠭᠤᠷᠢᠭ ᠤᠨ ︽ᠳ᠋ᠦᠩ ᠳ᠋ᠠ ᠱᠠᠨ ᠤᠷᠠᠯᠢᠭ ᠤᠨ ᠨᠠᠶᠢᠷ︾ ᠤᠨ ᠨᠡᠷᠡᠲᠦ ᠲᠡᠮᠳᠡᠭ ᠤᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠳᠠᠬᠢᠨᠲᠠ ᠳᠡᠭᠡᠭᠰᠢᠯᠡᠭᠦᠯᠪᠡ᠃      ᠳ᠋ᠦᠩ ᠳ᠋ᠠ ᠱᠠᠨ ᠤ ᠤᠷᠠᠯᠢᠭ ᠤᠨ ᠨᠠᠶᠢᠷ ᠨᠢ ᠤᠳᠤ ᠪᠣᠯᠲᠠᠯ᠎ᠠ ᠨᠢᠭᠡᠨᠲᠡ ᠨᠠᠢᠮᠠᠨ ᠵᠢᠯ ᠦᠷᠭᠦᠯᠵᠢᠯᠡᠨ ᠶᠠᠪᠤᠭᠳᠠᠵᠤ᠂ ᠤᠷᠠᠯᠢᠭ ᠤᠨ ᠡᠨᠧᠷᠭᠢ ᠣᠯᠭᠤᠬᠤ ᠰᠣᠶᠣᠯ ᠢ ᠬᠥᠭᠵᠢᠭᠦᠯᠦᠨ ᠮᠠᠨᠳᠤᠭᠤᠯᠬᠤ᠂ ᠰᠣᠶᠣᠯ  ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠶᠢ ᠢᠮᠠᠭᠲᠠ ᠪᠠᠷᠢᠮᠲᠠᠯᠠᠵᠤ᠂ 2024 ᠣᠨ ᠳᠤ ᠴᠢᠩᠱᠠᠨ ᠲᠣᠭᠤᠷᠢᠭ ︽ᠤᠮᠠᠷᠠᠲᠤ ᠶᠢᠨ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠭᠤᠣᠯᠳᠠᠯᠭ᠎ᠠ ᠲᠠᠢ ᠡᠭᠦᠳᠴᠦ᠂ ᠨᠡᠩ ᠴᠤ ︽ᠤᠮᠠᠷᠠᠲᠤ ᠶᠢᠨ ᠬᠢᠯᠢ ᠶᠢᠨ ᠰᠣᠶᠣᠯ︾ ᠤᠨ ᠠᠭᠤᠯᠤᠭᠳᠠᠬᠤᠨ ᠢ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠠᠭᠤᠰᠤᠯᠴᠠᠭᠤᠯᠵᠤ᠂ ᠮᠥᠨᠴᠦ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠮᠢᠳᠤᠯᠢᠭ ᠦᠢᠯᠡᠳᠦᠯᠭᠡ ᠪᠣᠯᠤᠨ᠎ᠠ᠃      ᠲᠠᠷᠠᠭᠠᠴᠢ ᠶᠢᠨ ᠠᠯᠬᠤᠮ ᠳᠤ ᠦᠷᠭᠦᠯᠵᠢᠯᠡᠨ ᠪᠠᠶᠠᠷ ᠳᠤᠷᠠᠰᠬᠠᠯ ᠤᠨ ᠬᠤᠭᠤᠴᠠᠭᠠᠨ ᠳᠤ ᠡᠯᠪᠡᠭ ᠪᠠᠶᠠᠯᠢᠭ ᠣᠯᠠᠨ ᠶᠠᠩᠵᠤ ᠶᠢᠨ ᠤᠷᠠᠨ ᠰᠠᠶᠢᠬᠠᠨ ᠤ ᠲᠣᠭᠯᠠᠯᠲᠠ ᠥᠷᠨᠢᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠤᠷᠠᠯᠢᠭ ᠤᠨ ᠣᠶᠢᠯᠠᠭᠠᠯᠲᠠ ᠵᠢᠴᠢ ᠤᠷᠠᠯᠢᠭ ᠤᠨ ᠪᠣᠯᠪᠠᠰᠤᠷᠠᠭᠤᠯᠤᠯ ᠤᠨ ᠠᠵᠢᠯᠯᠠᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠰᠣᠶᠣᠯ ᠤᠨ ᠬᠥᠭᠵᠢᠯᠲᠡ ᠶᠢ ᠬᠥᠲᠥᠯᠦᠨ ᠳᠠᠭᠠᠭᠤᠯᠵᠤ᠂ ᠬᠥᠮᠦᠨ ᠰᠣᠶᠣᠯ ᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳ᠋ᠦᠩ ᠳ᠋ᠠ ᠱᠠᠨ ᠢ ᠬᠥᠮᠦᠰ ᠤᠨ ᠬᠦᠰᠡᠨ ᠮᠥᠷᠥᠭᠡᠳᠴᠦ ᠪᠠᠶᠢᠭ᠎ᠠ ︽ᠰᠢᠯᠦᠭ ᠪᠠ ᠠᠯᠤᠰ︾ ᠪᠣᠯᠭᠠᠬᠤ ᠪᠠᠷ ᠴᠢᠷᠮᠠᠶᠢᠨ᠎ᠠ᠃
C:\Users\Administrator\Desktop\2024.6.11青山区第八届东达山艺术节暨“文化和自然遗产日” 宣传展示系列活动开幕\微信图片_20240611090620.jpg
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号