ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠭᠡᠷᠡᠯ ᠭᠡᠭᠡ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠨᠠᠮ ᠤᠨ ᠬᠢᠴᠢᠶᠡᠯ ᠦᠷᠨᠢᠭᠦᠯᠪᠡ
ᠨᠡᠶᠢᠲᠡᠯᠡᠭᠰᠡᠨ ᠴᠠᠭ᠄
2024/6/12
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠪᠠ ᠦᠢᠯᠡᠳᠦᠯᠭᠡ ᠶᠢᠨ ᠠᠤᠭ᠎ᠠ ᠬᠦᠴᠦᠨ ᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠲᠥᠯᠥᠭᠡ᠂ 6 ᠰᠠᠷ᠎ᠠ ᠶᠢᠨ 11 ᠤ ᠡᠳᠦᠷ᠂ ᠵᠤᠯ ᠵᠢᠷᠭᠠᠯᠲᠦ ᠵᠠᠮ ᠵᠡᠭᠡᠯᠢ ᠭᠤᠳᠤᠮᠵᠢ ᠶᠢᠨ ᠭᠡᠷᠡᠯ ᠭᠡᠭᠡ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠢ ᠰᠡᠳᠦᠪᠲᠦ ᠨᠠᠮ ᠤᠨ ᠬᠢᠴᠢᠶᠡᠯ ᠥᠷᠨᠢᠭᠦᠯᠵᠦ᠂ ᠪᠦᠬᠦ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠣᠷᠣᠯᠴᠠᠪᠠ᠃      ᠲᠣᠰ ᠤᠳᠠᠭᠠᠨ ᠤ ᠨᠠᠮ ᠤᠨ ᠬᠢᠴᠢᠶᠡᠯ ᠳᠤ᠂ ᠭᠡᠷᠡᠯ ᠭᠡᠭᠡ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠡᠨᠡ ᠬᠦ ᠭᠤᠤᠯ ᠰᠡᠳᠦᠪ ᠤᠨ ᠲᠣᠭᠤᠷᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ ᠲᠤᠬᠠᠶ ᠰᠢᠰᠲ᠋ᠧᠮ ᠲᠠᠢ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠭᠰᠠᠨ ᠪᠥᠭᠡᠳ ᠠᠵᠢᠯ ᠤᠨ ᠳᠤᠮᠳᠠ ᠪᠠᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠣᠯᠠᠨ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠰᠤᠷᠤᠯᠴᠠᠨ ᠲᠤᠤᠱᠯᠠᠭᠤᠯᠬᠤ ᠶᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠬᠢ ᠤᠬᠠᠮᠰᠠᠷ ᠪᠣᠯᠭᠠᠨ ᠬᠤᠪᠢᠷᠠᠭᠤᠯᠵᠤ᠂ ᠡᠳᠦᠷ ᠲᠤᠲᠤᠮ ᠤᠨ ᠠᠮᠢᠳᠤᠷᠠᠯ ᠳᠤ ᠲᠤᠤᠱᠯᠠᠭᠤᠯᠵᠦ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠩᠬᠠᠷᠬᠤ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ᠃ ᠲᠣᠰ ᠤᠳᠠᠭᠠᠨ ᠤ ᠰᠤᠷᠤᠯᠴᠠᠯᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠠᠬᠢᠭᠤᠯᠬᠤ ᠡᠭᠦᠷᠭᠡ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠦᠨᠡᠨᠬᠦ ᠲᠦᠯᠬᠢᠨ ᠠᠬᠢᠭᠤᠯᠪᠠ᠃      ᠲᠣᠰ ᠤᠳᠠᠭᠠᠨ ᠤ ᠲᠤᠰᠬᠠᠶ ᠰᠡᠳᠦᠪᠲᠦ ᠨᠠᠮ ᠤᠨ ᠬᠢᠴᠢᠶᠡᠯ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠭᠦᠨᠵᠡᠭᠡᠶ ᠠᠭᠤᠯᠤᠭᠳᠠᠬᠤᠨ ᠢ ᠨᠠᠩ ᠪᠥᠬᠦ ᠲᠠᠯ᠎ᠠ ᠪᠠᠷ ᠭᠦᠨᠵᠡᠭᠡᠶ ᠲᠠᠨᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠡᠭᠦᠷᠭᠡ ᠬᠠᠷᠠᠯᠲᠠ ᠶᠢ ᠲᠣᠳᠣᠷᠬᠠᠶᠢᠯᠠᠵᠠᠶ᠃ ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠤᠨ ᠳᠤᠮᠳᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠭᠠᠭᠤᠯᠤᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号