ᠴᠢᠩᠱᠠᠨ ᠲᠣᠭᠤᠷᠢᠭ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/6/12
 
C:\Users\Administrator\Desktop\2024.6.12青山区民族事务委员会党组书记、主任刘雪清\青山区民族事务委员会党组书记、主任刘雪清.jpg
        ᠰᠤᠷᠪᠤᠯᠵᠢᠯᠠᠭᠰᠠᠨ ᠭᠤᠣᠯ ᠰᠡᠳᠦᠪ᠄ ᠴᠢᠩᠱᠠᠨ ᠲᠣᠭᠤᠷᠢᠭ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ      ᠰᠤᠷᠪᠤᠯᠵᠢᠯᠠᠭᠰᠠᠨ ᠴᠠᠭ᠄ 2024 ᠣᠨ ᠤ 4 ᠰᠠᠷ᠎ᠠ ᠶᠢᠨ 29 ᠤ ᠡᠳᠦᠷ       ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠰᠢᠤᠸᠠᠢ ᠴᠢᠩ       ᠲᠣᠪᠴᠢᠯᠠᠯ᠄ ᠴᠢᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠢᠰᠲ᠋ᠧᠮ ᠢ ᠪᠠᠲᠤ ᠪᠠᠬᠢ ᠪᠠᠶᠢᠭᠤᠯᠤᠨ᠎ᠠ᠃      【ᠬᠥᠲᠥᠯᠥᠭᠴᠢ】       ᠴᠢᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠤᠭᠠᠷᠠᠢ᠃      【 ᠰᠤᠷᠪᠤᠯᠵᠢᠯᠠᠭ᠎ᠠ ᠬᠦᠯᠢᠶᠡᠭᠰᠡᠨ ᠵᠤᠴᠢᠨ      ᠯᠢᠦ ᠰᠢᠤᠸᠠᠢ ᠴᠢᠩ 】        ᠤᠢᠢᠷ᠎ᠠ ᠶᠢᠨ ᠵᠢᠯ ᠠᠴᠠ᠂ ᠪᠤᠭᠤᠲᠤ ᠬᠤᠳᠠ ᠶᠢᠨ ᠴᠢᠩᠱᠠᠨ ᠲᠣᠭᠤᠷᠢᠭ ᠡᠯ᠎ᠡ ᠵᠦᠢᠯ ᠤᠨ ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠦᠬᠦ ᠲᠤᠭᠤᠷᠢᠭ ︽ᠲᠠᠪᠤᠨ ᠠᠭᠤᠰᠤᠯᠴᠠᠯ︾ ᠢᠶᠠᠷ ︽ᠲᠠᠪᠤᠨ ᠬᠠᠮᠲᠤ︾ ᠶᠢ ᠠᠬᠢᠭᠤᠯᠵᠤ᠂ ᠴᠢᠩᠱᠠᠨ ᠲᠣᠭᠤᠷᠢᠭ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ 2023 ᠣᠨ ᠳᠤ ᠠᠷᠪᠠᠨ ᠨᠢᠭᠡᠳᠦᠭᠡᠷ ᠪᠦᠯᠦᠭ ᠤᠨ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ︾ ᠤ ᠢᠷᠠᠭᠤ ᠠᠯᠳᠠᠷ ᠢ ᠬᠦᠷᠲᠡᠪᠡ᠃      ᠪᠢᠳᠡ ︽ᠲᠠᠪᠤᠨ ᠠᠭᠤᠰᠤᠯᠴᠠᠯ ᠲᠠᠪᠤᠨ ᠬᠠᠮᠲᠤ︾ ᠠᠵᠢᠯ ᠤᠨ ᠲᠣᠭᠲᠠᠴᠠ ᠶᠢ ᠬᠡᠷᠡᠭᠯᠡᠪᠡ᠃ 1. ᠥᠨᠳᠥᠷ ᠪᠠᠶᠢᠷᠢ ᠳᠤ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠨ᠎ᠠ᠃ ᠴᠢᠩᠱᠠᠨ ᠲᠣᠭᠤᠷᠢᠭ ᠨᠢ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠡᠯ᠎ᠡ ᠬᠦᠷᠢᠶᠡᠨ ᠤ ᠪᠦᠬᠦ ᠶᠠᠪᠤᠴᠠ ᠳᠤ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ᠱᠦᠵᠢ᠂ ᠲᠣᠭᠤᠷᠢᠭ ᠤᠨ ᠳᠠᠷᠤᠭ᠎ᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠡᠷᠭᠡ ᠠᠵᠢᠯ ᠤᠨ ᠪᠠᠶᠢᠭᠤᠯᠤᠮᠵᠢ ᠶᠢ ᠪᠠᠶᠢᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠤᠯᠤᠰ ᠲᠦᠷᠦ ᠶᠢᠨ ᠬᠢᠨᠠᠨ ᠰᠢᠯᠭᠠᠯᠲᠠ᠂ ᠣᠨ ᠤ ᠠᠵᠢᠯ ᠤᠨ ᠠᠮᠵᠢᠯᠲᠠ ᠪᠦᠲᠦᠮᠵᠢ᠂ ᠲᠣᠭᠤᠷᠢᠨ ᠪᠠᠶᠢᠴᠠᠭᠠᠬᠤ ᠠᠵᠢᠯ ᠳᠤ ᠣᠷᠣᠭᠤᠯᠵᠤ᠂ ᠡᠭᠦᠳᠦᠨ ᠪᠠᠶᠢᠭᠤᠯᠬᠤ ᠠᠵᠢᠯ ᠢ ᠢᠮᠠᠭᠲᠠ ᠥᠨᠳᠥᠷ ᠪᠠᠶᠢᠷᠢᠨ ᠳᠤ ᠠᠬᠢᠭᠤᠯᠪᠠ᠃ 2. ᠠᠵᠢᠯ ᠤᠨ ᠲᠣᠭᠲᠠᠴᠠ ᠶᠢ ᠪᠦᠷᠢᠨᠰᠢᠭᠦᠯᠬᠦ ᠶᠢ ᠪᠠᠷᠢᠮᠲᠠᠯᠠᠨ᠎ᠠ᠃ ᠴᠢᠩᠱᠠᠨ ᠲᠣᠭᠤᠷᠢᠭ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠪᠠᠲᠤ ᠪᠠᠬᠢ ᠪᠤᠢ ᠪᠣᠯᠭᠠᠬᠤ ᠲᠤᠬᠠᠢ ᠠᠵᠢᠯ ᠤᠨ ᠠᠷᠭ᠎ᠠ ᠬᠡᠮᠵᠢᠶ᠎ᠡ︾ ᠶᠢ ᠲᠣᠭᠲᠠᠭᠠᠵᠤ᠂ ᠡᠭᠦᠳᠦᠨ ᠪᠠᠶᠢᠭᠤᠯᠬᠤ ᠶᠢ ᠲᠣᠬᠢᠷᠠᠭᠤᠯᠬᠤ᠂ ᠲᠤᠰᠬᠠᠢ ᠵᠦᠢᠯ ᠢᠶᠠᠷ ᠠᠬᠢᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ︽ᠭᠤᠷᠪᠠᠨ ᠵᠦᠢᠯ ᠤᠨ ᠠᠵᠢᠯ ᠤᠨ ᠲᠣᠭᠲᠠᠴᠠ︾ ᠶᠢ ᠪᠠᠶᠢᠭᠤᠯᠤᠨ ᠲᠡᠭᠦᠯᠳᠡᠷᠵᠢᠭᠦᠯᠵᠦ᠂ ︽ᠴᠢᠩᠱᠠᠨ ᠲᠣᠭᠤᠷᠢᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠵᠡᠷᠭᠡ ᠶᠢ ᠲᠣᠭᠲᠠᠭᠠᠵᠤ᠂ ᠡᠭᠦᠷᠭᠡ ᠶᠢᠨ ᠬᠤᠪᠢᠶᠠᠷᠢᠯᠠᠯ ᠤᠨ ᠡᠬᠡ ᠳᠠᠩᠰᠠ ᠶᠢ ᠪᠠᠶᠢᠭᠤᠯᠵᠤ᠂ ᠡᠯ᠎ᠡ ᠬᠦᠷᠢᠶ᠎ᠡ ᠡᠯ᠎ᠡ ᠲᠡᠰ ᠳᠠᠪᠬᠤᠷᠭ᠎ᠠ ᠶᠢᠨ ᠡᠭᠦᠳᠦᠨ ᠪᠠᠶᠢᠭᠤᠯᠤᠯᠲᠠ ᠶᠢ ᠦᠷᠭᠦᠯᠵᠢᠯᠡᠨ ᠬᠦᠴᠦᠲᠡᠢ ᠠᠬᠢᠭᠤᠯᠪᠠ᠃ 3. ᠲᠤᠰ ᠪᠡᠶ᠎ᠡ ᠶᠢᠨ ᠪᠠᠶᠢᠭᠤᠯᠤᠯᠲᠠ ᠪᠠᠨ ᠲᠡᠭᠦᠯᠳᠡᠷᠵᠢᠭᠦᠯᠬᠦ ᠶᠢ ᠪᠠᠷᠢᠮᠲᠠᠯᠠᠨ᠎ᠠ᠃ ︽ᠭᠤᠷᠪᠠᠨ ᠢᠨᠵᠧᠨᠧᠷᠢᠩ︾ ︵ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷᠴᠤᠳ ᠲᠤ ᠬᠠᠨᠳᠤᠭᠤᠯᠤᠭᠰᠠᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ᠂ ᠦᠨᠳᠦᠰᠦᠲᠡᠨ ᠤ ᠠᠵᠢᠯ ᠤᠨ ᠡᠩᠨᠡᠭᠡᠨ ᠳᠤ ᠬᠠᠨᠳᠤᠭᠤᠯᠤᠭᠰᠠᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠨᠳᠤᠭᠤᠯᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︶ ᠢ ᠡᠭᠦᠳᠦᠨ ᠪᠠᠶᠢᠭᠤᠯᠬᠤ ᠰᠠᠭᠤᠷᠢ ᠶᠢ ᠪᠠᠬᠢᠵᠢᠭᠦᠯᠦᠨ᠎ᠡ᠃ ᠪᠥᠬᠦ ᠲᠤᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠲᠤ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠪᠰᠤᠷᠤᠨ ᠵᠢᠯᠣᠭᠤᠳᠬᠤ ᠤᠩᠰᠢᠬᠤ ᠪᠢᠴᠢᠭ︾ ᠵᠡᠷᠭᠡ ᠲᠦᠮᠡ ᠭᠠᠷᠤᠶ ᠳᠡᠪᠲᠡᠷ ᠨᠣᠮ ᠵᠠᠬᠢᠶᠠᠯᠠᠨ ᠥᠭᠴᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠡᠭᠦᠳᠦᠨ ᠪᠠᠶᠢᠭᠤᠯᠬᠤ ᠠᠵᠢᠯ ᠤᠨ ᠴᠢᠭᠯᠡᠯ ᠢ ᠢᠮᠠᠭᠲᠠ ᠣᠨᠣᠪᠴᠢᠲᠠᠶ ᠡᠵᠡᠮᠳᠡᠬᠦ ᠶᠢ ᠦᠨᠡᠨᠬᠦ ᠪᠠᠲᠤᠯᠠᠪᠠ᠃ ᠵᠡᠭᠡᠯᠢ ᠪᠠᠯᠭᠠᠰᠤ ᠶᠢᠨ ᠨᠢᠭᠡᠳᠦᠮᠡᠯ ᠹᠷᠣᠨᠲ ᠤᠨ ᠭᠡᠰᠢᠭᠦᠨ᠂ ᠨᠡᠶᠢᠭᠡᠮ ᠲᠣᠭᠤᠷᠢᠭ ︵ᠲᠣᠰᠬᠤᠨ︶ ᠤᠨ ᠦᠨᠳᠦᠰᠦᠲᠡᠨ ᠤ ᠠᠵᠢᠯ ᠤᠨ ᠲᠤᠰᠠᠯᠠᠭᠴᠢ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠢ ᠵᠣᠬᠢᠶᠠᠨ ᠪᠠᠶᠢᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠳᠤ 3 ᠤᠳᠠᠭ᠎ᠠ ᠣᠷᠣᠯᠴᠠᠭᠤᠯᠵᠤ᠂ ᠰᠦᠯᠵᠢᠶᠡᠨ ᠳᠡᠭᠡᠷᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠥᠷᠢᠰᠥᠯᠳᠦᠭᠡᠨ ᠪᠠ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ ᠥᠷᠨᠢᠭᠦᠯᠵᠦ᠂ ᠰᠦᠯᠵᠢᠶᠡᠨ ᠭᠠᠳᠠᠨ᠎ᠠ ︽ᠤᠯᠠᠭᠠᠨ ᠠᠨᠠᠷ ᠬᠤᠨᠳᠠᠭᠠᠲᠤ︾ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠤᠷᠤᠯᠳᠤᠭᠠᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠴᠢᠳᠠᠪᠤᠷᠢ ᠪᠠᠨ ᠳᠡᠭᠡᠭᠰᠢᠯᠡᠭᠦᠯᠬᠦ᠂ ᠪᠦᠯᠬᠦᠮᠳᠡᠯ ᠢ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃     【ᠬᠥᠲᠥᠯᠥᠭᠴᠢ】       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠨᠢ ᠶᠠᠭᠤ ᠪᠤᠢ︖      【 ᠰᠤᠷᠪᠤᠯᠵᠢᠯᠠᠭ᠎ᠠ ᠬᠦᠯᠢᠶᠡᠭᠰᠡᠨ ᠵᠤᠴᠢᠨ      ᠯᠢᠦ ᠰᠢᠤᠸᠠᠢ ᠴᠢᠩ 】      ᠤᠨᠤᠯ ᠤᠨ ᠰᠤᠳᠤᠯᠭᠠᠨ ᠤ ᠲᠠᠯ᠎ᠠ ᠪᠠᠷ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠲᠣᠭᠤᠷᠢᠭ ᠤᠨ ᠨᠠᠮ ᠤᠨ ᠰᠤᠷᠭᠠᠭᠤᠯᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ︽︿ᠠᠷᠪᠠᠨ ᠬᠤᠶᠠᠷ ᠡᠷᠬᠡᠪᠰᠢ﹀ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ ᠭᠦᠨᠵᠡᠭᠡᠢ ᠤᠶᠢᠯᠭᠠᠬᠤ︾ ︽︿ᠵᠢᠷᠭᠤᠭᠠᠨ ᠦᠭᠦᠯᠡᠪᠦᠷᠢ﹀ ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠢ ᠣᠶᠢᠯᠠᠭᠠᠵᠤ ᠡᠵᠡᠮᠳᠡᠬᠦ︾ ᠵᠡᠷᠭᠡ ᠲᠤᠰᠬᠠᠢ ᠰᠡᠳᠦᠪᠲᠦ ᠬᠢᠴᠢᠶᠡᠯ ᠢ ᠨᠡᠭᠡᠭᠡᠨ ᠬᠦᠭᠵᠢᠭᠦᠯᠵᠦ᠂ ︽ᠠᠨᠠᠷ ᠤᠨ ᠴᠡᠴᠡᠭ ᠳᠡᠯᠭᠡᠷᠡᠵᠦ ᠰᠡᠳᠬᠢᠯ ᠨᠢᠭᠡᠲᠡᠢ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠰ ᠮᠡᠲᠦ ᠲᠤᠲᠦᠨᠦ︾᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ︽ᠦᠨᠳᠦᠰᠦᠲᠡᠨ ᠤ ᠪᠦᠯᠬᠦᠮᠳᠡᠯ ᠤᠨ ᠦᠯᠢᠭᠡᠷ︾ ᠵᠡᠷᠭᠡ ᠬᠠᠷᠢᠯᠴᠠᠨ ᠬᠥᠳᠡᠯᠦᠯᠴᠡᠬᠦ ᠬᠢᠴᠢᠶᠡᠯ᠂ ᠪᠢᠴᠢᠯ ᠨᠠᠮ ᠤᠨ ᠬᠢᠴᠢᠶᠡᠯ᠂ ᠳᠠᠭᠤᠤ ᠬᠥᠭᠵᠢᠮ ᠤᠨ ᠨᠠᠮ ᠤᠨ ᠬᠢᠴᠢᠶᠡᠯ ᠢ ᠨᠡᠶᠢᠲᠡᠯᠡᠵᠦ᠂ 15 ᠵᠢᠭᠠᠨ ᠰᠤᠷᠭᠠᠯᠲᠠ ᠶᠢᠨ ᠬᠢᠴᠢᠶᠡᠯ ᠢ ᠪᠦᠷᠢᠯᠳᠦᠭᠦᠯᠵᠦ᠂ ᠪᠠᠶᠢᠭᠤᠯᠭ᠎ᠠ᠂ ᠠᠵᠤ ᠠᠬᠤᠶᠢᠯᠠᠯ᠂ ᠵᠡᠭᠡᠯᠢ ᠪᠠᠯᠭᠠᠰᠤ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠦᠯᠵᠢᠶᠡᠨ ᠤ ᠤᠬᠠᠭᠤᠯᠤᠨ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠪᠡ᠃ ᠰᠤᠷᠭᠠᠨ ᠬᠥᠮᠦᠵᠢᠯ ᠤᠨ ᠦᠢᠯᠡᠳᠦᠯᠭᠡ ᠶᠢᠨ ᠲᠠᠯ᠎ᠠ ᠪᠠᠷ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠦᠩᠱᠢ ᠰᠤᠷᠭᠠᠭᠤᠯᠢ᠂ ᠪᠦᠯᠬᠦᠮᠳᠡᠯ ᠠᠭᠤᠳᠠᠮ ᠲᠠᠯᠠᠪᠠᠢ᠂ ᠰᠠᠨ ᠰᠢᠩ ᠪᠠᠭ᠎ᠠ ᠰᠤᠷᠭᠠᠭᠤᠯᠢ ᠶᠢᠨ ᠠᠨᠠᠷ ᠤᠨ ᠦᠷ᠎ᠡ ᠶᠢᠨ ᠲᠢᠩᠬᠢᠮ ᠵᠡᠷᠭᠡ ᠪᠤᠭᠤᠲᠤ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠤᠨ ᠦᠢᠯᠡᠳᠦᠯᠭᠡ ᠶᠢᠨ 11 ᠰᠠᠭᠤᠷᠢᠨ ᠢ ᠪᠠᠶᠢᠭᠤᠯᠪᠠ᠃ ᠤᠬᠠᠭᠤᠯᠤᠨ ᠲᠠᠶᠢᠯᠪᠤᠷᠢᠯᠠᠬᠤ ᠲᠠᠯ᠎ᠠ ᠪᠠᠷ᠂ ︽ᠤᠯᠠᠭᠠᠨ ᠠᠨᠠᠷ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ  ᠪᠠ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠨᠤᠯ ᠤᠨ ᠮᠡᠳᠡᠯᠭᠡ ᠶᠢᠨ ᠤᠷᠤᠯᠳᠤᠭᠠᠨ ᠢ ᠡᠷᠬᠢᠯᠡᠵᠦ᠂ ︽ᠳᠤᠮᠳᠠᠳᠤ ᠶᠢ ᠦᠬᠦᠯᠡᠬᠦᠢ — ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠶᠢ ᠥᠷᠨᠢᠭᠦᠯᠵᠦ᠂ ᠨᠡᠶᠢᠳᠡ 6 ᠲᠦᠮᠡᠨ ᠬᠥᠮᠦᠨ ᠤᠳᠠᠭ᠎ᠠ ᠣᠷᠣᠯᠴᠠᠪᠠ᠃ ᠪᠦᠬᠦ ᠲᠤᠭᠤᠷᠢᠭ ᠤᠨ 51 ᠶᠡᠭᠡ ᠪᠠᠭ᠎ᠠ ᠰᠤᠷᠭᠠᠭᠤᠯᠢ ᠶᠢᠨ ᠰᠤᠷᠤᠭᠴᠢᠳ ᠬᠠᠮᠲᠤ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠤᠷᠤᠪᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号