︽ᠴᠢᠩᠱᠠᠨ ᠲᠣᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ︾ ᠶᠢᠨ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/6/12
      6 ᠰᠠᠷ᠎ᠠ ᠶᠢᠨ 11 ᠤ ᠡᠳᠦᠷ᠂ ᠴᠢᠩᠱᠠᠨ ᠲᠣᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ ᠠᠵᠢᠯ ᠤᠨ ᠡᠬᠢᠯᠡᠯᠲᠡ ᠶᠢᠨ ᠶᠣᠰᠣᠯᠠᠯ ᠴᠢᠩᠱᠠᠨ ᠲᠣᠭᠤᠷᠢᠭ ᠤᠨ ᠰᠣᠶᠣᠯ ᠪᠡᠶ᠎ᠡ  ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠶᠠᠪᠤᠭᠳᠠᠪᠠ᠃ ᠲᠣᠪᠴᠢᠶᠠᠨ ᠤ ᠳᠠᠷᠤᠭ᠎ᠠ‌ᠡᠴᠡ ᠮᠠᠨ ᠤ ᠲᠤᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠪᠤᠭᠤᠲᠤ ᠶᠢᠨ ᠮᠦᠽᠧᠶ ᠪᠠ ᠮᠠᠨ ᠤ ᠲᠤᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠢᠶᠠᠷ ᠪᠦᠷᠢᠯᠳᠦᠭᠰᠡᠨ ᠬᠠᠮᠲᠤᠷᠠᠭᠰᠠᠨ ᠨᠡᠶᠢᠳᠡᠮ ᠪᠠᠶᠢᠴᠠᠭᠠᠯᠲᠠ ᠶᠢᠨ ᠠᠩᠭᠢ ᠨᠡᠶᠢᠲᠡ 8 ᠭᠡᠰᠢᠭᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠪᠠᠶᠢᠴᠠᠭᠠᠯᠲᠠ ᠵᠢᠩᠬᠢᠨᠢ ᠪᠠᠷ ᠡᠬᠢᠯᠡᠪᠡ᠃ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠲᠤᠬᠠᠶ ᠶᠢᠨ ᠭᠠᠵᠠᠷ ᠤᠨ ᠪᠠᠶᠢᠴᠠᠭᠠᠯᠲᠠ ᠶᠢᠨ ᠠᠵᠢᠯ ᠢ ᠡᠨᠡ ᠵᠢᠯ ᠤᠨ 5 ᠰᠠᠷ᠎ᠠ ᠠᠴᠠ ᠡᠬᠢᠯᠡᠭᠦᠯᠵᠦ᠂ ᠢᠷᠡᠬᠦ ᠵᠢᠯ ᠤᠨ 5 ᠰᠠᠷ᠎ᠠ ᠶᠢᠨ ᠰᠡᠭᠦᠯᠴᠢ ᠪᠣᠯᠬᠤ ᠳᠤ ᠳᠠᠭᠤᠰᠬᠠᠨ᠎ᠠ᠂ 12 ᠰᠠᠷ᠎ᠠ ᠬᠡᠷᠡᠭᠰᠡᠨ᠎ᠡ᠃ ᠡᠨᠡ ᠬᠦ ᠬᠤᠭᠤᠴᠠᠭᠠᠨ ᠳᠤ ᠪᠥᠬᠦ  ᠲᠤᠭᠤᠷᠢᠭ ᠤᠨ ᠬᠢᠯᠢ ᠳᠣᠲᠣᠷᠠᠬᠢ ᠭᠠᠵᠠᠷ ᠳᠡᠭᠡᠷᠡᠬᠢ ᠪᠠ ᠭᠠᠵᠠᠷ ᠳᠣᠤᠷᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠲᠤ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠵᠦ᠂ ᠨᠢᠭᠡᠨᠲᠡ ᠪᠦᠷᠢᠳᠬᠡᠭᠰᠡᠨ ᠡᠯ᠎ᠡ ᠲᠥᠷᠥᠯ ᠤᠨ ᠲᠡᠤᠬᠡ ᠶᠢᠨ ᠳᠤᠷᠠᠰᠬᠠᠯᠲᠤ ᠵᠦᠢᠯ ᠤᠨ 53 ᠴᠡᠭ ᠢ ᠳᠠᠬᠢᠨ ᠪᠠᠶᠢᠴᠠᠭᠠᠬᠤ ᠪᠠ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠳᠤ ᠰᠢᠨ᠎ᠡ ᠪᠠᠷ ᠢᠯᠡᠷᠡᠭᠦᠯᠦᠭᠰᠡᠨ ᠲᠡᠤᠬᠡ ᠶᠢᠨ ᠳᠤᠷᠠᠰᠬᠠᠯᠲᠤ ᠵᠦᠢᠯ ᠤᠨ ᠦᠯᠡᠳᠡᠭᠳᠡᠯ ᠢ ᠮᠠᠭᠠᠳᠯᠠᠨ ᠲᠣᠭᠲᠠᠭᠠᠬᠤ ᠪᠠ ᠳᠠᠩᠰᠠᠯᠠᠬᠤ ᠠᠵᠢᠯ ᠢ ᠪᠠᠭᠲᠠᠭᠠᠨ᠎ᠠ᠃ ᠲᠤᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠲᠣᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠬᠤ ᠪᠥᠭᠡᠳ ᠲᠣᠰ ᠤᠳᠠᠭᠠᠨ ᠤ ᠲᠤᠬᠠᠶ ᠶᠢᠨ ᠭᠠᠵᠠᠷ ᠤᠨ ᠪᠠᠶᠢᠴᠠᠭᠠᠯᠲᠠ ᠶᠢᠨ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠢᠲᠡᠭᠡᠯ ᠲᠠᠢ ᠪᠠᠶᠢᠨ᠎ᠠ᠃      ᠨᠡᠶᠢᠳᠡᠮ ᠪᠠᠶᠢᠴᠠᠭᠠᠯᠲᠠ ᠶᠢᠨ ᠭᠡᠰᠢᠭᠦᠳ ︽ᠬᠠᠮᠠᠭᠠᠯᠠᠯᠲᠠ ᠶᠢ ᠨᠢᠭᠡᠳᠦᠭᠡᠷ ᠲᠤ ᠲᠠᠯᠪᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ︾ ᠠᠵᠢᠯ ᠤᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠮᠠᠨ ᠤ ᠲᠤᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦ ᠲᠤᠭᠤᠷᠢᠭ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠡᠳ᠋ ᠬᠦᠷᠦᠩᠭᠡ ᠶᠢ ᠬᠥᠳᠡᠯᠦᠩᠭᠦᠢ ᠪᠠᠷ ᠬᠠᠮᠢᠶᠠᠷᠬᠤ ᠶᠢ ᠪᠡᠶᠡᠯᠡᠭᠦᠯᠦᠨ᠎ᠡ︔ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠠᠷᠢᠯᠴᠠᠨ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢ ᠬᠥᠳᠡᠯᠦᠩᠭᠦᠢ ᠪᠠᠷ ᠬᠢᠨᠠᠨ ᠬᠡᠮᠵᠢᠨ᠎ᠡ︔ ᠲᠤᠰᠬᠠᠶ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠰᠣᠶᠣᠯ ᠤᠨ ᠥᠪ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号