ᠰᠠᠭᠤᠭᠠᠯᠢ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠨᠢ ᠨᠢᠭᠡ ᠲᠠᠯ᠎ᠠ ᠪᠠᠷ ᠠᠷᠠᠳ ᠤᠨ | ᠠᠮᠢᠳᠤᠷᠠᠯ ᠲᠠᠢ ᠬᠤᠯᠪᠣᠯᠳᠤᠵᠤ᠂ ᠨᠢᠭᠡ ᠲᠠᠯ᠎ᠠ ᠪᠠᠷ ᠬᠥᠭᠵᠢᠯᠲᠡ ᠲᠠᠢ ᠬᠤᠯᠪᠣᠯᠳᠤᠵᠤ᠂ ᠤᠯᠠᠨ ᠲᠦᠮᠡᠨ ᠤ ᠳᠡᠭᠡᠳᠦ | ᠬᠡᠮᠵᠢᠶ᠎ᠡ ᠪᠠᠷ ᠠᠩᠬᠠᠷᠴᠤ ᠬᠠᠯᠠᠭᠤᠨ ᠬᠦᠰᠡᠨ ᠡᠷᠡᠮᠡᠯᠵᠡᠵᠦ ᠪᠠᠶᠢᠭ᠎ᠠ ᠠᠷᠠᠳ ᠲᠤ ᠠᠰᠢᠭ ᠬᠦᠷᠲᠡᠭᠡᠬᠦ ᠢᠨᠵᠧᠨᠧᠷᠢᠩ | ᠪᠣᠯᠬᠤ ᠪᠥᠭᠡᠳ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠃ ᠡᠨᠡ | ᠵᠢᠯ᠂ ᠴᠢᠩᠱᠠᠨ ᠲᠣᠭᠤᠷᠢᠭ ᠤᠨ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ | ᠠᠵᠢᠯ ᠢ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ | ᠬᠠᠷᠢᠭᠤ ᠲᠤᠰᠬᠠᠯ ᠲᠠᠢ︾ ᠪᠠᠶᠢᠬᠤ ᠶᠢ ᠦᠨᠡᠨ ᠬᠦ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠡᠨᠡ ᠵᠢᠯ ᠦᠭᠡᠷᠡᠴᠢᠯᠡᠬᠦ ᠰᠠᠭᠤᠭᠠᠯᠢ ᠬᠠᠭᠤᠴᠢᠨ ᠲᠣᠭᠤᠷᠢᠭ ᠤᠨ ᠶᠢᠨ ᠯᠢᠨ | ᠴᠡᠴᠡᠷᠯᠢᠭ᠂ ᠡᠯᠪᠡᠭ ᠬᠤᠷᠢᠶᠠᠯᠲᠠ ᠵᠠᠮ ᠤᠨ ᠣᠲᠣ ᠦᠶ᠎ᠡ ᠶᠢᠨ ᠬᠦᠷᠢᠶᠡᠯᠡᠩ᠂ ᠬᠦᠳᠡᠯᠮᠦᠷᠢ ᠠᠷᠪᠠᠨ ᠬᠤᠶᠠᠳᠤᠭᠠᠷ | ᠵᠡᠭᠡᠯᠢ᠂ ᠴᠦᠨ ᠭᠤᠸᠠᠩ ᠬᠤᠶᠠᠳᠤᠭᠠᠷ ᠲᠣᠭᠤᠷᠢᠭ ︵6 ᠳ᠋ᠤᠭᠠᠷ ᠠᠰᠠᠷ᠂ 7 ᠳ᠋ᠤᠭᠠᠷ ᠠᠰᠠᠷ᠂ 8 ᠳ᠋ᠤᠭᠠᠷ ᠠᠰᠠᠷ︶᠂ | ᠴᠦᠨ ᠭᠤᠸᠠᠩ ᠭᠤᠷᠪᠠᠳᠤᠭᠠᠷ ᠲᠣᠭᠤᠷᠢᠭ ᠤᠨ ᠬᠢᠯᠢ ᠶᠢᠨ ᠬᠠᠮᠠᠭᠠᠯᠠᠯᠲᠠ ᠶᠢᠨ ᠠᠰᠠᠷ ︵5 ᠳ᠋ᠤᠭᠠᠷ ᠠᠰᠠᠷ᠂ 6 | ᠳ᠋ᠤᠭᠠᠷ ᠠᠰᠠᠷ︶᠂ ᠬᠦᠴᠦᠷᠬᠡᠭᠵᠢᠯ ᠵᠠᠮ ᠤᠨ ᠡᠮᠦᠨᠡᠲᠦ ᠪᠠᠶᠢᠭᠤᠯᠤᠭᠰᠠᠨ ᠠᠰᠠᠷ᠂ ᠤᠭᠲᠤᠯᠭ᠎ᠠ ᠴᠡᠴᠡᠷᠯᠢᠭ᠂ ᠴᠠᠭ | ᠠᠭᠤᠷ ᠤᠨ ᠲᠣᠪᠴᠢᠶ᠎ᠠ ᠶᠢᠨ ᠬᠦᠷᠢᠶᠡᠯᠡᠩ ︵4 - 6 ᠳ᠋ᠤᠭᠠᠷ ᠠᠰᠠᠷ᠂ ᠴᠤᠤᠶᠠᠩ ᠬᠦᠬᠡ 1 ᠪᠠ ᠬᠦᠬᠡ 2 ᠳ᠋ᠤᠭᠠᠷ | ᠠᠰᠠᠷ᠂ ᠹᠦ᠋ ᠶᠤᠸᠠᠨ ᠲᠣᠭᠤᠷᠢᠭ᠂ ᠬᠦᠳᠡᠯᠮᠦᠷᠢ 7# ᠱᠢ ᠰᠢᠶᠠᠩ ᠠᠰᠠᠷ᠂ 9 ᠳ᠋ᠦ᠋ᠭᠡᠷ ᠠᠰᠠᠷ ᠪᠠ10 ᠳ᠋ᠤᠭᠠᠷ ᠠᠰᠠᠷ᠂ | ᠶᠠᠩ ᠭᠤᠸᠠᠩ ᠵᠢᠶᠠ ᠶᠤᠸᠠᠨ 9—13 ᠳ᠋ᠤᠭᠠᠷ ᠠᠰᠠᠷ︶ 13 ᠬᠠᠭᠤᠴᠢᠨ ᠲᠣᠭᠤᠷᠢᠭ᠂ ᠨᠡᠶᠢᠲᠡ 108 ᠰᠠᠭᠤᠷᠢ | ᠠᠰᠠᠷ᠂ 292 ᠨᠢᠭᠡᠴᠢ ᠶᠢᠨ 3877 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ ᠦᠭᠡᠷᠡᠴᠢᠯᠡᠬᠦ | ᠲᠠᠯᠠᠪᠠᠶ ᠨᠢ 46.56 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠢᠱᠢᠯᠲᠡ ᠪᠠᠷ ᠶᠡᠷᠦᠩᠬᠡᠶ ᠪᠠᠯᠠ | ᠣᠷᠣᠭᠤᠯᠤᠯᠲᠠ ᠨᠢ ᠪᠠᠷᠤᠭ 1.98 ᠳ᠋ᠦᠩᠰᠢᠭᠤᠷ ᠲᠥᠭᠦᠷᠢᠭ ᠪᠣᠯᠤᠨ᠎ᠠ᠃ ᠣᠳᠣᠬᠠᠨ ᠳᠤ᠂ ᠡᠯ᠎ᠡ ᠰᠠᠭᠤᠭᠠᠯᠢ | ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ 9 ᠳ᠋ᠦ᠋ᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠰᠠᠭᠤᠭᠠᠯᠢ ᠬᠠᠭᠤᠴᠢᠨ ᠲᠣᠭᠤᠷᠢᠭ ᠢ | ᠥᠭᠡᠷᠡᠴᠢᠯᠡᠬᠦ ᠠᠵᠢᠯ ᠢ ᠠᠬᠢᠭᠤᠯᠬᠤ ᠪᠦᠬᠦᠯᠢ ᠴᠣᠭᠴᠠ ᠶᠢᠨ ᠱᠠᠭᠠᠷᠳᠠᠯᠭ᠎ᠠ ᠶᠣᠰᠣᠭᠠᠷ᠂ ᠴᠢᠩᠱᠠᠨ ᠲᠣᠭᠤᠷᠢᠭ | ︽ᠡᠷᠲᠡ ᠲᠥᠯᠥᠪᠵᠢᠭᠦᠯᠬᠦ᠂ ᠡᠷᠲᠡ ᠬᠥᠳᠡᠯᠦᠯᠴᠡᠬᠦ᠂ ᠰᠠᠭᠤᠭᠠᠯᠢ ᠠᠷᠠᠳ ᠲᠤ ᠡᠷᠲᠡ ᠵᠣᠯ ᠵᠢᠷᠭᠠᠯ ᠬᠦᠷᠲᠡᠭᠡᠬᠦ︾ | ᠠᠵᠢᠯ ᠤᠨ ᠰᠡᠳᠬᠢᠮᠵᠢ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ︽ᠢᠷᠭᠡᠨ ᠤ ᠬᠡᠷᠡᠭ᠂ | ᠠᠷᠠᠳ ᠤᠨ ᠵᠥᠪᠯᠡᠯ᠂ ᠠᠷᠠᠳ ᠠᠴᠠ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ︽5678︾ ᠠᠵᠢᠯ ᠤᠨ | ᠠᠷᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ︽ᠤᠷᠢᠳᠠᠪᠠᠷ ᠠᠷᠠᠳ ᠤᠨ ᠠᠮᠢᠳᠤᠷᠠᠯ ᠢ ᠪᠠᠲᠤᠯᠠᠵᠤ᠂ ᠳᠠᠬᠢᠨ | ᠳᠡᠭᠡᠭᠰᠢᠯᠡᠭᠦᠯᠬᠦ︾ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠥᠭᠡᠷᠡᠴᠢᠯᠡᠬᠦ ᠠᠭᠤᠯᠭ᠎ᠠ ᠶᠢ ᠲᠣᠭᠲᠠᠭᠠᠪᠠ᠃ ᠥᠭᠡᠷᠡᠴᠢᠯᠡᠬᠦ ᠠᠭᠤᠯᠭ᠎ᠠ ᠨᠢ ᠭᠤᠣᠯᠳᠠᠭᠤ ᠤᠰᠤ ᠵᠠᠯᠠᠬᠤ᠂ ᠢᠯᠴᠢ | ᠬᠠᠩᠭᠠᠬᠤ᠂ ᠤᠰᠤ ᠬᠠᠩᠭᠠᠬᠤ ᠰᠠᠭᠤᠷᠢ ᠬᠤᠭᠤᠯᠠᠶ ᠶᠢᠨ ᠲᠣᠤᠷ ᠢ ᠥᠭᠡᠷᠡᠴᠢᠯᠡᠬᠦ ᠪᠠ ᠴᠠᠬᠢᠯᠭᠠᠨ ᠤᠲᠠᠰᠦ ᠶᠢ | ᠴᠢᠩᠭᠠᠳᠬᠠᠨ ᠭᠠᠵᠠᠷ ᠲᠤ ᠣᠷᠣᠭᠤᠯᠬᠤ᠂ ᠵᠠᠮ ᠤᠨ ᠳ᠋ᠧᠩ ᠤᠨ ᠭᠡᠷᠡᠯᠲᠦᠭᠦᠯᠭᠡ᠂ ᠭᠡᠷ ᠤᠨ ᠣᠷᠣᠶ ᠶᠢᠨ ᠤᠰᠤ | ᠰᠡᠷᠭᠡᠶᠢᠯᠡᠬᠦ᠂ ᠭᠠᠳᠠᠷ ᠬᠡᠷᠡᠮ ᠤᠨ ᠰᠢᠷ᠂ ᠴᠠᠬᠢᠯᠭᠠᠨ ᠴᠡᠨᠡᠭᠯᠡᠬᠦ ᠪᠡᠯᠡᠳᠬᠡᠮᠵᠢ᠂ ᠲᠡᠷᠭᠡᠨ ᠤ ᠰᠠᠷᠠᠪᠴᠢ ᠶᠢᠨ ᠪᠦᠲᠦᠭᠡᠨ | ᠪᠠᠶᠢᠭᠤᠯᠤᠯᠲᠠ᠂ ᠠᠵᠢᠯᠯᠠᠭ᠎ᠠ ᠳᠤ ᠬᠡᠷᠡᠭᠯᠡᠬᠦ ᠭᠡᠷ ᠵᠡᠷᠭᠡ ᠢᠨᠵᠧᠨᠧᠷᠢᠩ ᠲᠠᠢ ᠬᠤᠯᠪᠣᠭᠳᠠᠨ᠎ᠠ᠃ ᠠᠩᠬᠠᠷᠤᠭᠤᠰᠢᠲᠠᠶ ᠨᠢ᠂ | ᠲᠣᠰ ᠤᠳᠠᠭᠠᠨ ᠤ ᠥᠭᠡᠷᠡᠴᠢᠯᠡᠭᠰᠡᠨ 13 ᠵᠢᠵᠢᠭ ᠲᠣᠭᠤᠷᠢᠭ ᠲᠤ ᠴᠥᠮ ᠢᠯᠴᠢ ᠬᠠᠩᠭᠠᠬᠤ ᠬᠤᠭᠤᠯᠠᠶ ᠶᠢᠨ | ᠲᠣᠤᠷ ᠵᠢᠴᠢ ᠬᠠᠮᠢᠶᠠᠷᠤᠯᠲᠠ ᠶᠢᠨ ᠥᠭᠡᠷᠡᠴᠢᠯᠡᠯᠲᠡ ᠬᠢᠨ᠎ᠠ᠃ | ᠬᠠᠲᠠᠭᠤ ᠲᠣᠨᠤᠭ ᠢ ᠲᠠᠰ ᠳᠡᠪᠰᠢᠭᠦᠯᠬᠦ ᠠᠴᠠ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ᠂ ︽ᠵᠥᠭᠡᠯᠡᠨ ᠲᠣᠨᠤᠭ︾ ᠢ ᠪᠣᠶ ᠪᠣᠯᠭᠠᠵᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ | ᠪᠠᠶᠢᠭᠤᠯᠤᠨ᠎ᠠ ᠁ ᠴᠢᠩᠱᠠᠨ ᠲᠣᠭᠤᠷᠢᠭ ᠤᠨ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠥᠭᠡᠷᠡᠴᠢᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠵᠦ᠂ ᠠᠯᠢ ᠤᠯᠠᠨ ︽ᠲᠡᠰ ᠳᠡᠪᠰᠢᠭᠰᠡᠨ ᠬᠡᠪ︾ ᠢ ᠥᠭᠡᠷᠡᠴᠢᠯᠡᠨ | ᠰᠠᠶᠢᠵᠢᠷᠠᠭᠤᠯᠬᠤ ᠰᠡᠳᠬᠢᠮᠵᠢ ᠶᠢ ᠬᠠᠭᠤᠴᠢᠨ ᠢ ᠤᠷᠬᠢᠨ ᠰᠢᠨ᠎ᠡ ᠶᠢ ᠡᠭᠦᠳᠴᠦ᠂ ᠰᠠᠭᠤᠭᠠᠯᠢ ᠠᠷᠠᠳ ᠤᠨ ᠰᠢᠨ᠎ᠡ | ᠠᠮᠢᠳᠤᠷᠠᠯ ᠢ ᠦᠨᠡᠨ ᠬᠦ ᠥᠭᠡᠷᠡᠴᠢᠯᠡᠨ ᠭᠠᠷᠭᠠᠵᠤ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ᠂ ᠬᠤᠳᠠ ᠳᠤ | ᠭᠡᠷᠡᠯ ᠰᠠᠴᠤᠷᠠᠩᠭᠤᠢ ᠠᠷᠠᠳ ᠤᠨ ᠰᠡᠳᠬᠢᠯ ᠤᠨ ᠢᠨᠵᠧᠨᠧᠷᠢᠩ᠂ ᠬᠠᠯᠠᠭᠤᠨ ᠳᠤᠯᠠᠭᠠᠨ ᠢᠨᠵᠧᠨᠧᠷᠢᠩ ᠢ | ᠪᠠᠶᠢᠭᠤᠯᠤᠨ᠎ᠠ᠃ 2020 ᠣᠨ ᠳᠤ ᠴᠢᠩᠱᠠᠨ ᠲᠣᠭᠤᠷᠢᠭ ᠤᠨ ᠰᠠᠭᠤᠭᠠᠯᠢ ᠬᠠᠭᠤᠴᠢᠨ ᠲᠣᠭᠤᠷᠢᠭ ᠢ ᠥᠭᠡᠷᠡᠴᠢᠯᠡᠨ | ᠪᠠᠶᠢᠭᠤᠯᠬᠤ ᠢᠨᠵᠧᠨᠧᠷᠢᠩ ᠢ ᠲᠥᠪᠯᠡᠷᠡᠭᠦᠯᠦᠨ ᠬᠡᠷᠡᠭᠵᠢᠭᠦᠯᠦᠭᠰᠡᠨ ᠠᠴᠠ ᠡᠬᠢᠯᠡᠨ᠂ ᠨᠡᠶᠢᠲᠡ 16.58 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ 142 ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠭᠦᠷᠭᠡ ᠶᠢ | ᠪᠡᠶᠡᠯᠡᠭᠦᠯᠵᠦ᠂ 1326 ᠰᠠᠭᠤᠷᠢ ᠠᠰᠠᠷ 65000 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ | ᠥᠭᠡᠷᠡᠴᠢᠯᠡᠨ ᠪᠠᠶᠢᠭᠤᠯᠤᠭᠰᠠᠨ ᠲᠠᠯᠠᠪᠠᠢ ᠨᠢ 555.53 ᠲᠦᠮᠡᠨ ᠲᠡᠭᠰᠢ ᠳᠥᠷᠪᠡᠯᠵᠢᠨ ᠮᠧᠲᠷ ᠬᠦᠷᠪᠡ᠃ | | | | | | | |