2024 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ᠂ ᠴᠢᠩᠱᠠᠨ | ᠲᠣᠭᠤᠷᠢᠭ ᠳ᠋ᠦᠩ ᠳ᠋ᠡ ᠱᠠᠨ ᠠᠮᠠᠷᠠᠯᠲᠠ ᠶᠢᠨ ᠲᠤᠰᠬᠤᠨ᠂ ᠨᠢᠭᠡᠳᠦᠭᠡᠷ ᠠᠵᠢᠯᠴᠢᠨ ᠤ ᠰᠤᠶᠤᠯ ᠤᠨ ᠤᠷᠳᠤᠨ ᠤ | ᠠᠭᠤᠳᠠᠮ ᠲᠠᠯᠠᠪᠠᠢ᠂ ᠵᠧᠩ ᠰᠢᠶᠠᠩ ᠸᠠᠨ ᠵᠡᠷᠭᠡ ᠡᠯ᠎ᠡ ᠦᠵᠡᠮᠵᠢ ᠶᠢᠨ ᠴᠡᠭ ᠪᠣᠯᠤᠨ ᠬᠤᠳᠠᠯᠳᠤᠭᠠᠨ ᠤ | ᠲᠣᠭᠤᠷᠢᠭ ᠲᠤ ᠬᠢᠲᠠᠳ ᠬᠤᠪᠴᠠᠰᠤᠨ ᠤ ᠲᠤᠰᠬᠠᠢ ᠲᠣᠭᠯᠠᠯᠲᠠ ᠥᠷᠨᠢᠭᠦᠯᠬᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠬᠤ ᠭᠤᠣᠯ ᠰᠡᠳᠦᠪᠲᠦ ᠳᠠᠭᠤᠤ ᠬᠥᠭᠵᠢᠮ ᠤᠨ ᠴᠤᠭᠯᠠᠭᠠᠨ᠂ ᠭᠤᠯᠢᠷ ᠤᠨ ᠱᠤᠭᠤᠮᠠᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠮᠠᠷᠠᠽᠤᠨ ᠤ ᠤᠷᠤᠯᠳᠤᠭᠠᠨ᠂ ᠵᠠᠭᠤᠨ ᠮᠧᠲᠷ ᠤᠨ ᠤᠯᠠᠨ ᠨᠡᠶᠢᠲᠡ ᠶᠢᠨ | ᠲᠦᠷᠦᠯ ᠲᠡᠮᠳᠡᠭ ᠤᠨ ᠳᠡᠯᠭᠡᠨ ᠪᠣᠷᠣᠯᠠᠭᠤᠯᠭ᠎ᠠ᠂ ︽ᠰᠠᠭᠤᠭᠳᠠᠯ ᠴᠢᠩᠱᠠᠨ︾ ᠣᠷᠣᠨ ᠪᠦᠰᠡ ᠶᠢᠨ ᠣᠯᠠᠨ ᠨᠡᠶᠢᠲᠡ ᠶᠢᠨ | ᠨᠡᠷᠡᠲᠦ ᠲᠡᠮᠳᠡᠭᠲᠦ ᠶᠢᠨ ᠳᠡᠯᠭᠡᠨ ᠪᠣᠷᠣᠯᠠᠭᠤᠯᠭ᠎ᠠ᠂ ᠠᠩᠬᠠᠳᠤᠭᠠᠷ ᠬᠤᠭᠤᠴᠠᠭᠠᠨ ᠤ ᠬᠤᠳᠠ ᠶᠢᠨ ᠺᠠᠷᠲ᠋ᠤᠨ ᠨᠠᠶᠢᠷ | ᠵᠡᠷᠭᠡ 70 ᠭᠠᠷᠤᠢ ᠲᠠᠯᠠᠪᠠᠢ ᠰᠣᠶᠣᠯ ᠵᠤᠭᠠᠴᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 55 | ᠤᠬᠠᠭᠤᠯᠭ᠎ᠠ ᠶᠢᠨ ᠸᠢᠳᠢᠣ᠋ ᠶᠢ ᠰᠡᠭᠦᠳᠡᠷᠯᠡᠨ ᠠᠪᠴᠤ᠂ ᠦᠵᠡᠮᠵᠢ ᠶᠢᠨ ᠣᠷᠣᠨ ᠦᠵᠡᠮᠵᠢ ᠶᠢᠨ ᠴᠡᠭ ᠨᠡᠶᠢᠲᠡ 5.1 | ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠬᠦᠯᠢᠶᠡᠨ ᠠᠪᠴᠦ᠂ 73.4 ᠲᠦᠮᠡᠨ ᠲᠥᠭᠦᠷᠢᠭ ᠤᠨ ᠬᠡᠷᠡᠭᠯᠡᠭᠡ ᠶᠢ | ᠲᠠᠶᠢᠴᠢᠯᠠᠵᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠵᠦ᠂ 6 ᠣᠳᠣᠨ ᠲᠡᠰ ᠤᠨ ᠵᠣᠴᠢᠳ ᠤᠨ | ᠪᠠᠭᠤᠳᠠᠯ 1643 ᠲᠦᠮᠡᠨ ᠬᠥᠮᠦᠨ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 5% ᠪᠠᠷ | ᠨᠡᠮᠡᠭᠳᠡᠪᠡ᠃ | ᠴᠢᠩᠱᠠᠨ ᠲᠣᠭᠤᠷᠢᠭ ᠤᠯᠠᠮᠵᠢᠯᠠᠯᠲᠤ ᠰᠣᠶᠣᠯ ᠤᠨ ᠬᠡᠯᠪᠡᠷᠢ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠤᠯᠠᠮᠵᠢᠯᠠᠯᠲᠤ ᠵᠠᠩ ᠳᠠᠳᠬᠠᠯ ᠳᠤ ᠵᠠᠯᠠᠭᠤᠴᠤᠳ ᠤᠨ ᠴᠠᠭ | ᠦᠶ᠎ᠡ ᠶᠢᠨ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠰᠣᠶᠣᠯ ᠵᠢᠭᠤᠯᠴᠢᠯᠠᠯ ᠨᠢ ᠬᠡᠷᠡᠭᠯᠡᠭᠡᠨ ᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠥᠷᠭᠡᠨ ᠣᠯᠠᠨ ᠵᠤᠭᠠᠴᠠᠭᠰᠠᠳ ᠲᠤ ᠲᠠᠪᠤᠨ ᠰᠠᠷ᠎ᠠ ᠶᠢᠨ ᠰᠢᠨ᠎ᠡ ᠶᠢᠨ | ᠲᠠᠪᠤᠨ ᠤ ᠪᠠᠶᠠᠷ ᠤᠨ ᠠᠭᠤᠷ ᠠᠮᠢᠰᠬᠤᠯ ᠢ ᠮᠡᠳᠡᠷᠡᠭᠦᠯᠪᠡ᠃ |