ᠴᠢᠩᠱᠠᠨ ᠲᠣᠭᠤᠷᠢᠭ ᠤᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠠᠮᠢᠶᠠᠷᠤᠯᠲᠠ ᠶᠢ | ᠦᠨᠡᠨ ᠬᠦ ᠴᠢᠩᠭᠠᠳᠬᠠᠵᠤ᠂ ᠴᠡᠴᠡᠷᠯᠢᠭ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠴᠢᠩᠱᠠᠨ ᠲᠣᠭᠤᠷᠢᠭ ᠤᠨ | ᠬᠡᠤᠬᠡᠳ ᠤᠨ ᠴᠡᠴᠡᠷᠯᠢᠭ ᠤᠨ ᠪᠥᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ | ᠣᠶᠢᠷ᠎ᠠ ᠶᠢᠨ ᠬᠤᠭᠤᠴᠠᠭᠠᠨ ᠳᠤ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠭᠤᠯᠢ ᠶᠢᠨ | ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠬᠢᠭᠡᠳ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠲᠠᠰᠤᠭ ᠠᠴᠠ ᠪᠥᠬᠦ ᠲᠤᠭᠤᠷᠢᠭ ᠤᠨ ᠠᠷᠠᠳ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ᠲᠤ ᠴᠡᠴᠡᠷᠯᠢᠭ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠶ ᠪᠠᠶᠢᠴᠠᠭᠠᠯᠲᠠ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ︽ᠬᠤᠶᠠᠷ ᠢ ᠲᠦᠭᠡᠮᠡᠯᠵᠢᠭᠦᠯᠬᠦ︾ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ | ᠪᠥᠬᠦᠶ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠡᠯ᠎ᠡ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠲᠤᠬᠠᠶ ᠶᠢᠨ | ᠭᠠᠵᠠᠷ ᠲᠤᠨᠢ ᠲᠠᠰ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠴᠡᠴᠡᠷᠯᠢᠭ ᠡᠷᠭᠢᠯᠡᠬᠦ ᠨᠥᠬᠦᠴᠡᠯ᠂ ᠬᠡᠤᠬᠡᠳ ᠤᠨ | ᠴᠡᠴᠡᠷᠯᠢᠭ ᠤᠨ ︽ᠪᠠᠭ᠎ᠠ ᠰᠤᠷᠭᠠᠭᠤᠯᠢᠴᠢᠯᠠᠬᠤ︾ ᠪᠠᠶᠢᠳᠠᠯ᠂ ᠰᠤᠷᠭᠠᠨ ᠬᠥᠮᠦᠵᠢᠯ ᠤᠨ ᠣᠷᠴᠢᠨ ᠲᠣᠭᠤᠷᠢᠨ ᠵᠢᠴᠢ | ᠰᠣᠷᠣᠭᠴᠢ ᠶᠢᠨ ᠳᠤᠮᠳᠠᠴᠢ ᠵᠠᠷᠤᠳᠠᠯ ᠬᠢᠭᠡᠳ ᠲᠤᠰᠬᠠᠶ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠪᠠ᠃ ᠡᠯ᠎ᠡ ᠬᠡᠤᠬᠡᠳ ᠤᠨ ᠴᠡᠴᠡᠷᠯᠢᠭ ᠲᠤ ᠣᠷᠣᠰᠢᠵᠤ ᠪᠠᠶᠢᠭ᠎ᠠ ᠠᠰᠠᠭᠤᠳᠠᠯ ᠪᠠ | ᠬᠦᠷᠦᠯᠴᠡᠬᠦ ᠥᠬᠡᠶ ᠲᠠᠯ᠎ᠠ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠲᠤᠬᠠᠶ ᠶᠢᠨ | ᠲᠠᠯᠠᠪᠠᠶ ᠳᠤ ᠬᠠᠷᠢᠭᠤ ᠲᠤᠰᠬᠠᠬᠤ ᠪᠠ ᠵᠢᠭᠠᠨ ᠵᠢᠯᠣᠭᠤᠳᠴᠤ᠂ ᠡᠯ᠎ᠡ ᠴᠡᠴᠡᠷᠯᠢᠭ ᠤᠨ ᠴᠡᠭᠴᠡᠯᠡᠨ ᠰᠠᠶᠢᠵᠢᠷᠠᠭᠤᠯᠬᠤ | ᠲᠥᠰᠦᠯ ᠢ ᠦᠳᠲᠡᠷ ᠲᠦᠷᠭᠡᠨ ᠲᠣᠭᠲᠠᠭᠠᠵᠤ᠂ ᠲᠡᠷᠡ ᠳᠠᠷᠤᠶ ᠳᠤᠨᠢ ᠬᠡᠷᠡᠭᠵᠢᠭᠦᠯᠵᠦ ᠥᠭᠡᠷᠡᠴᠢᠯᠡᠬᠦ ᠬᠡᠷᠡᠭᠲᠡᠶ ᠭᠡᠵᠦ | ᠱᠠᠭᠠᠷᠳᠠᠪᠠ᠃ | ᠲᠣᠰ ᠤᠳᠠᠭᠠᠨ ᠤ ᠬᠡᠪ ᠤᠨ ᠪᠠᠶᠢᠴᠠᠭᠠᠯᠲᠠ ᠪᠣᠯ ᠴᠢᠩᠱᠠᠨ ᠲᠣᠭᠤᠷᠢᠭ ᠤᠨ ᠠᠷᠠᠳ ᠠᠴᠠ ᠡᠷᠬᠢᠯᠡᠭᠰᠡᠨ | ᠬᠡᠤᠬᠡᠳ ᠤᠨ ᠴᠡᠴᠡᠷᠯᠢᠭ ᠤᠨ ᠠᠵᠢᠯ ᠤᠨ ᠨᠢᠭᠡ ᠤᠳᠠᠭᠠᠨ ᠤ ᠰᠢᠯᠭᠠᠨ ᠪᠠᠶᠢᠴᠠᠭᠠᠯᠲᠠ ᠪᠠ ᠳᠡᠭᠡᠭᠰᠢᠯᠡᠯᠲᠡ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠶᠢᠴᠠᠭᠠᠬᠤ | ᠳᠤᠭᠤᠶᠢᠯᠠᠩ ᠦᠷᠭᠦᠯᠵᠢᠯᠡᠨ ᠪᠠᠶᠢᠴᠠᠭᠠᠯᠲᠠ ᠥᠷᠨᠢᠭᠦᠯᠬᠦ ᠶᠢᠨ ᠬᠠᠮᠲᠤ᠂ ᠡᠯ᠎ᠡ ᠴᠡᠴᠡᠷᠯᠢᠭ ᠤᠨ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠦ᠂ ᠠᠷᠠᠳ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ | ᠲᠤᠭᠤᠷᠢᠭ ᠤᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ | ᠬᠥᠮᠦᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃ | | | | | | |