ᠰᠢᠩ ᠱᠧᠩ ᠪᠠᠯᠭᠠᠰᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠴᠣᠬᠢᠯᠲᠠ ᠥᠭᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/17
      2024 ᠣᠨ ᠤ 6 ᠳ᠋ᠤᠭᠠᠷ ᠰᠠᠷ᠎ᠠ ᠪᠣᠯ ᠪᠥᠬᠦ ᠤᠯᠤᠰ ᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠠᠷᠪᠠᠨ ᠬᠤᠶᠠᠳᠤᠭᠠᠷ ᠤᠬᠠᠭᠤᠯᠭ᠎ᠠ ᠶᠢᠨ ᠰᠠᠷ᠎ᠠ ᠪᠣᠯᠤᠨ᠎ᠠ᠃ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠤᠬᠠᠭᠤᠯᠭ᠎ᠠ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠪᠦᠲᠦᠮᠵᠢᠲᠡᠶ ᠬᠤᠷᠢᠭᠯᠠᠵᠤ᠂ ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠦᠵᠡᠯ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠯᠭᠠᠰᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠪᠠᠶᠢᠳᠠᠯ ᠪᠠ ᠠᠷᠠᠳ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠰᠢᠩ ᠱᠧᠩ ᠪᠠᠯᠭᠠᠰᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠴᠣᠬᠢᠯᠲᠠ ᠥᠭᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠪᠠᠯᠭᠠᠰᠤᠨ ᠤ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠳ ᠲᠣᠰᠬᠤᠨ ︵ᠰᠠᠭᠤᠭᠠᠯᠢ ᠠᠷᠠᠳ︶᠎ ᠤ ᠠᠷᠠᠳ ᠲᠤ ᠬᠠᠤᠯᠢ ᠪᠤᠰᠤ ᠪᠠᠷ ᠪᠠᠯᠠ ᠴᠤᠭᠯᠠᠭᠤᠯᠬᠤ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠤᠭᠤᠲᠠ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠭᠤᠯᠭ᠎ᠠ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠤᠬᠠᠭᠳᠠᠬᠤᠨ᠂ ᠣᠨᠴᠠᠯᠢᠭ᠂ ᠬᠤᠤᠷ ᠬᠥᠨᠥᠭᠡᠯ ᠵᠢᠴᠢ ᠰᠡᠷᠭᠡᠶᠢᠯᠡᠬᠦ ᠠᠷᠭ᠎ᠠ ᠵᠡᠷᠭᠡ ᠲᠠᠯ᠎ᠠ ᠶᠢ ᠬᠠᠮᠤᠷᠴᠤ᠂ ᠵᠢᠷᠤᠭ ᠪᠢᠴᠢᠭ ᠢ ᠬᠤᠣᠰᠯᠠᠭᠤᠯᠤᠭᠰᠠᠨ ᠬᠡᠯᠪᠡᠷᠢ ᠪᠠᠷ ᠣᠯᠠᠨ ᠨᠡᠶᠢᠲᠡ ᠳᠤ ᠮᠡᠳᠡᠭᠡ ᠵᠠᠩᠭᠢ ᠳᠠᠮᠵᠢᠭᠤᠯᠪᠠ᠃ ᠰᠡᠷᠭᠡᠶᠢᠯᠡᠬᠦ ᠤᠬᠠᠮᠰᠠᠷ ᠢᠶᠠᠷ ᠬᠠᠷᠢᠴᠠᠩᠭᠤᠶ ᠪᠠᠭᠤᠷᠠᠶ ᠨᠠᠰᠤᠲᠠᠶᠢᠴᠤᠳ ᠪᠠ ᠣᠯᠠᠨ ᠲᠦᠮᠡᠨ ᠳᠤ ᠴᠢᠭᠯᠡᠭᠦᠯᠦᠨ᠂ ᠠᠵᠢᠯᠲᠠᠳ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠠᠬᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠠᠷᠭ᠎ᠠ ᠪᠠ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠡᠳ᠋ ᠤᠨ ᠶᠠᠪᠤᠳᠠᠯ ᠢ ᠬᠠᠮᠢᠶᠠᠷᠬᠤ ᠵᠥᠪ ᠦᠵᠡᠯᠲᠡ ᠶᠢ ᠪᠣᠶ ᠪᠣᠯᠭᠠᠵᠤ᠂ ᠨᠠᠶᠢᠳᠠᠪᠤᠷᠢᠲᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠣᠩᠭᠤᠵᠤ ᠪᠠᠯᠠ ᠤᠷᠤᠭᠤᠯᠬᠤ ᠬᠡᠷᠡᠭᠲᠡᠶ ᠭᠡᠵᠦ ᠰᠠᠨᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 300 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠳᠤ 30 ᠭᠠᠷᠤᠶ ᠬᠥᠮᠦᠨ ᠤᠳᠠᠭ᠎ᠠ ᠬᠠᠷᠢᠭᠤᠯᠲᠠ ᠥᠭᠴᠦ᠂ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃     ᠲᠠᠷᠠᠭᠠᠴᠢ ᠶᠢᠨ ᠠᠯᠬᠤᠮ ᠳᠤ᠂ ᠰᠢᠩ ᠱᠧᠩ ᠪᠠᠯᠭᠠᠰᠤ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠶᠢᠨ ᠠᠷᠭ᠎ᠠ ᠮᠠᠶ᠋ᠢᠭ ᠪᠠ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠡᠯ᠎ᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠬᠦᠴᠦ ᠪᠠᠨ ᠬᠠᠮᠲᠤᠳᠬᠠᠨ ᠴᠣᠬᠢᠯᠲᠠ ᠥᠭᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠ ᠡᠷᠡᠭᠦᠯ ᠢᠶᠠᠷ ᠬᠥᠭᠵᠢᠬᠦ ᠶᠢ ᠬᠠᠮᠲᠤᠪᠠᠷ ᠬᠠᠮᠠᠭᠠᠯᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号