ᠰᠢᠯᠢᠳᠡᠭ ᠬᠢᠨᠠᠨ ᠪᠤᠳᠤᠬᠤ ᠲᠦᠷᠦᠯ ᠵᠦᠢᠯ ᠪᠣᠯ ᠬᠢᠨᠠᠨ ᠪᠤᠳᠤᠬᠤ ᠪᠠᠶᠢᠭᠤᠯᠭ᠎ᠠ ᠶᠢᠨ ᠡᠭᠦᠷᠭᠡ ᠴᠢᠳᠠᠪᠬᠢ ᠶᠢᠨ | ᠦᠢᠯᠡᠳᠦᠯ ᠢᠶᠠᠨ ᠪᠠᠳᠠᠷᠠᠭᠤᠯᠵᠤ᠂ ᠬᠢᠨᠠᠨ ᠪᠤᠳᠤᠬᠤ ᠦᠷ᠎ᠡ ᠪᠦᠲᠦᠭᠡᠯ ᠢ ᠢᠯᠡᠷᠡᠭᠦᠯᠬᠦ ᠳᠡᠭᠡᠳᠦ ᠵᠡᠷᠭᠡ ᠶᠢᠨ | ᠠᠴᠢᠶᠠᠯᠠᠪᠤᠷᠢ ᠮᠥᠨ᠂ ᠬᠢᠨᠠᠨ ᠪᠤᠳᠤᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ | ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠲᠤᠰᠬᠠᠭᠰᠠᠨ | ᠬᠦᠴᠦᠨ ᠢᠶᠠᠨ ᠲᠥᠪᠯᠡᠷᠡᠭᠦᠯᠦᠭᠰᠡᠨ ᠪᠦᠲᠦᠭᠡᠯ ᠮᠥᠨ᠃ ᠰᠢᠯᠢᠳᠡᠭ ᠬᠢᠨᠠᠨ ᠪᠣᠳᠣᠬᠤ ᠲᠥᠷᠥᠯ ᠵᠦᠢᠯ ᠢ | ᠰᠢᠯᠭᠠᠷᠠᠭᠤᠯᠬᠤ ᠪᠠᠷᠢᠮᠵᠢᠶ᠎ᠠ ᠶᠢ ᠨᠡᠩ ᠣᠨᠣᠪᠴᠢᠲᠠᠢ ᠡᠵᠡᠮᠰᠢᠵᠦ᠂ ᠡᠭᠦᠨ ᠢᠶᠠᠷ ᠵᠢᠯᠣᠭᠤᠳᠤᠮᠵᠢ ᠪᠣᠯᠭᠠᠵᠤ ᠬᠢᠨᠠᠨ | ᠪᠣᠳᠣᠬᠤ ᠲᠥᠷᠥᠯ ᠵᠦᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠴᠢᠩᠱᠠᠨ | ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠪᠦᠬᠦ ᠲᠤᠬᠠᠢᠯᠠᠭᠰᠠᠨ ᠠᠵᠢᠯ ᠤᠨ ᠠᠵᠢᠯᠲᠠᠳ ᠢ ᠵᠣᠬᠢᠶᠠᠨ ᠪᠠᠢᠭᠤᠯᠤᠨ | ᠬᠠᠮᠤᠭ ᠰᠢᠨ᠎ᠡ ᠰᠢᠯᠢᠳᠡᠭ ᠬᠢᠨᠠᠨ ᠪᠣᠳᠣᠬᠤ ᠲᠥᠷᠥᠯ ᠵᠦᠢᠯ ᠤᠨ ᠬᠤᠪᠢ ᠲᠣᠭᠲᠠᠭᠠᠬᠤ ᠪᠠᠷᠢᠮᠵᠢᠶ᠎ᠠ ᠶᠢ ᠬᠢᠨᠠᠮᠠᠭᠠᠢ | ᠰᠤᠷᠤᠯᠴᠠᠭᠤᠯᠵᠤ᠂ ᠪᠠᠷᠢᠮᠵᠢᠶ᠎ᠠ ᠬᠦᠰᠦᠨᠦᠭᠲᠦ ᠶᠢ ᠬᠠᠷᠢᠴᠠᠭᠤᠯᠤᠨ ᠡᠮᠬᠢᠯᠡᠵᠦ ᠰᠤᠷᠤᠯᠴᠠᠵᠤ᠂ ᠲᠤᠬᠠᠢ ᠶᠢᠨ | ᠲᠠᠯᠠᠪᠠᠢ ᠶᠢᠨ ᠵᠢᠭᠠᠨ ᠰᠤᠷᠭᠠᠬᠤ ᠮᠠᠶᠢᠭ ᠤᠨ ᠰᠤᠳᠤᠯᠤᠨ ᠶᠠᠷᠢᠯᠴᠠᠬᠤ ᠶᠢ ᠥᠷᠨᠢᠭᠦᠯᠵᠦ᠂ ᠬᠢᠨᠠᠨ ᠪᠣᠳᠣᠬᠤ ᠠᠵᠢᠯ ᠤᠨ | ᠶᠠᠰᠤ ᠴᠢᠨᠠᠷ ᠤᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠪᠠ᠃ | ᠨᠢᠭᠡ ᠳᠤ ᠬᠠᠷᠠᠯᠲᠠ ᠲᠠᠢ ᠪᠠᠶᠢᠵᠤ᠂ ᠰᠢᠯᠭᠠᠷᠠᠭᠤᠯᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠡᠵᠡᠮᠰᠢᠨ᠎ᠡ᠃ ᠰᠢᠯᠢᠳᠡᠭ | ᠲᠥᠷᠥᠯ ᠵᠦᠢᠯ ᠢ ᠰᠢᠯᠭᠠᠷᠠᠭᠤᠯᠬᠤ ᠠᠷᠭ᠎ᠠ᠂ ᠬᠤᠪᠢ ᠲᠣᠭᠲᠠᠭᠠᠬᠤ ᠪᠠᠷᠢᠮᠵᠢᠶ᠎ᠠ ᠶᠢ ᠭᠦᠨᠵᠡᠭᠡᠶ ᠰᠤᠳᠤᠯᠬᠤ ᠪᠠᠷ | ᠳᠠᠮᠵᠢᠭᠤᠯᠤᠨ᠂ ᠬᠢᠨᠠᠨ ᠪᠤᠳᠤᠬᠤ ᠲᠥᠷᠥᠯ ᠵᠦᠢᠯ ᠤᠨ ᠬᠤᠪᠢ ᠨᠡᠮᠡᠬᠦ ᠬᠦᠴᠦᠨ ᠵᠦᠢᠯ᠂ ᠬᠢᠨᠠᠨ ᠪᠤᠳᠤᠬᠤ ᠠᠵᠢᠯ ᠤᠨ | ᠵᠢᠷᠤᠮᠵᠢᠯ ᠤᠨ ᠱᠠᠭᠠᠷᠳᠠᠯᠭ᠎ᠠ ᠵᠡᠷᠭᠡ ᠳᠤ ᠨᠠᠷᠢᠨ ᠵᠠᠳᠠᠯᠤᠯᠲᠠ ᠬᠢᠪᠡ᠃ ᠰᠡᠳᠬᠢᠴᠡ ᠪᠠᠨ ᠥᠷᠭᠡᠳᠬᠡᠵᠦ᠂ ᠤᠷᠢᠳᠴᠢᠯᠠᠨ | ᠲᠥᠯᠥᠪᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠤᠬᠠᠮᠰᠠᠷ᠂ ᠶᠠᠰᠤ ᠴᠢᠨᠠᠷ ᠤᠨ ᠤᠬᠠᠮᠰᠠᠷ᠂ ᠲᠡᠷᠢᠭᠦᠨ ᠤ ᠬᠢ | ᠪᠣᠯᠬᠤ ᠪᠠᠷ ᠴᠢᠷᠮᠠᠶᠢᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠰᠢᠯᠭᠠᠷᠠᠭᠤᠯᠬᠤ ᠪᠠᠷᠢᠮᠵᠢᠶ᠎ᠠ ᠶᠢᠨ ᠲᠤᠰᠬᠠᠯ | ᠭᠠᠷᠭᠠᠬᠤ ᠰᠡᠳᠬᠢᠬᠦᠶ ᠪᠠ ᠣᠨᠣᠯᠵᠢᠬᠤᠨ ᠢ ᠲᠥᠷᠥᠯ ᠵᠦᠢᠯ ᠢ ᠲᠥᠯᠥᠪᠵᠢᠭᠦᠯᠬᠦ᠂ ᠵᠣᠬᠢᠶᠠᠨ ᠪᠠᠶᠢᠭᠤᠯᠤᠨ | ᠬᠡᠷᠡᠭᠵᠢᠭᠦᠯᠬᠦ᠂ ᠮᠡᠳᠡᠭᠦᠯᠦᠯᠲᠡ ᠪᠢᠴᠢᠬᠦ᠂ ᠮᠡᠳᠡᠭᠡ ᠵᠠᠩᠭᠢ ᠨᠠᠶᠢᠷᠠᠭᠤᠯᠬᠤ ᠪᠠ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ᠵᠡᠷᠭᠡ ᠪᠥᠬᠦ ᠬᠡᠯᠬᠢᠶᠡᠨ ᠤ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠰᠠᠭᠤᠷᠢ ᠴᠢᠳᠠᠪᠤᠷᠢ ᠶᠢ | ᠦᠷᠭᠦᠯᠵᠢᠯᠡᠨ ᠪᠠᠬᠢᠵᠢᠭᠦᠯᠦᠨ᠎ᠡ᠃ ᠬᠢᠨᠠᠨ ᠪᠤᠳᠤᠬᠤ ᠺᠠᠳ᠋ᠷ ᠤᠨ ᠰᠢᠯᠢᠳᠡᠭ ᠬᠢᠨᠠᠨ ᠪᠤᠳᠤᠬᠤ ᠲᠦᠷᠦᠯ ᠵᠦᠢᠯ ᠢ | ᠰᠢᠯᠭᠠᠷᠠᠭᠤᠯᠬᠤ ᠪᠠᠷᠢᠮᠵᠢᠶ᠎ᠠ ᠶᠢᠨ ᠱᠠᠭᠠᠷᠳᠠᠯᠭ᠎ᠠ ᠶᠢ ᠰᠠᠶᠢᠨ ᠮᠡᠳᠡᠵᠦ᠂ ᠰᠢᠯᠢᠳᠡᠭ ᠬᠢᠨᠠᠨ ᠪᠤᠳᠤᠬᠤ ᠲᠦᠷᠦᠯ ᠵᠦᠢᠯ ᠢ | ᠪᠤᠢ ᠪᠣᠯᠭᠠᠬᠤ ᠠᠵᠢᠯ ᠤᠨ ᠡᠭᠦᠷᠭᠡ ᠶᠢ ᠣᠨᠣᠪᠴᠢᠲᠠᠢ ᠡᠵᠡᠮᠳᠡᠵᠦ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ | ᠡᠭᠦᠳᠬᠦ ᠬᠢᠨᠠᠨ ᠪᠤᠳᠤᠬᠤ ᠠᠵᠢᠯ ᠤᠨ ᠠᠭᠤᠷ ᠠᠮᠢᠰᠬᠤᠯ ᠢ ᠢᠳᠡᠪᠬᠢᠲᠡᠢ ᠪᠤᠢ ᠪᠤᠯᠭᠠᠨ᠎ᠠ᠃ | ᠬᠤᠶᠠᠷ ᠲᠤ ᠤᠨᠢᠨ ᠳᠡᠭᠡᠷ᠎ᠡ ᠨᠢ ᠬᠡᠷᠡᠭᠵᠢᠭᠦᠯᠵᠦ᠂ ᠬᠢᠨᠠᠨ ᠪᠤᠳᠤᠬᠤ ᠶᠠᠰᠤ ᠴᠢᠨᠠᠷ ᠤᠨ ᠠᠮᠢᠨ ᠰᠤᠳᠠᠰᠤ ᠶᠢ | ᠴᠢᠩᠭ᠎ᠠ ᠠᠳᠬᠤᠨ᠎ᠠ᠃ ᠡᠩ ᠲᠡᠷᠢᠭᠦᠨ ᠳᠤ ᠬᠢᠨᠠᠬᠤ ᠠᠴᠠ ᠡᠮᠦᠨᠡᠬᠢ ᠪᠠᠶᠢᠴᠠᠭᠠᠯᠲᠠ ᠶᠢ ᠰᠠᠶᠢᠲᠤᠷ ᠬᠢᠵᠦ᠂ ᠶᠠᠷᠢᠯᠴᠠᠬᠤ᠂ | ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ | ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠭᠦᠢᠴᠡᠳ ᠣᠶᠢᠯᠠᠭᠠᠵᠤ᠂ ᠲᠠᠷᠠᠭᠠᠴᠢ ᠶᠢᠨ ᠬᠢᠨᠠᠨ ᠪᠤᠳᠤᠬᠤ ᠲᠥᠯᠥᠪᠯᠡᠭᠡ | ᠪᠠ ᠬᠡᠷᠡᠭᠵᠢᠭᠦᠯᠬᠦ ᠲᠥᠰᠦᠯ ᠳᠤ ᠪᠡᠯᠡᠳᠬᠡᠯ ᠬᠢᠨ᠎ᠡ᠃ ᠳᠠᠷᠠᠭ᠎ᠠ ᠨᠢ ᠬᠢᠨᠠᠨ ᠪᠤᠳᠤᠬᠤ ᠲᠥᠰᠦᠯ ᠢ ᠦᠨᠳᠦᠰᠦᠯᠡᠨ ᠬᠢᠨᠠᠨ | ᠪᠤᠳᠤᠬᠤ ᠠᠭᠤᠯᠭ᠎ᠠ ᠨᠢᠭᠡᠪᠦᠷᠢ ᠶᠢ ᠭᠦᠨᠵᠡᠭᠡᠶ ᠪᠠᠶᠢᠴᠠᠭᠠᠵᠤ ᠨᠡᠪᠲᠡ ᠣᠶᠢᠯᠠᠭᠠᠵᠤ᠂ ᠬᠢᠨᠠᠨ ᠪᠤᠳᠤᠬᠤ ᠶᠠᠰᠤ ᠴᠢᠨᠠᠷ ᠢ | ᠡᠵᠡᠮᠳᠡᠬᠦ ᠶᠢ ᠬᠢᠨᠠᠨ ᠪᠤᠳᠤᠬᠤ ᠪᠥᠬᠦ ᠶᠠᠪᠤᠴᠠ ᠳᠤ ᠲᠤᠤᠱᠯᠠᠭᠤᠯᠵᠦ᠂ ᠲᠠᠰ ᠳᠠᠷᠠᠭᠠᠯᠠᠯ ᠨᠢ ᠲᠣᠭᠲᠠᠭᠠᠯ ᠳᠤ ᠨᠡᠶᠢᠴᠡᠬᠦ᠂ | ᠭᠡᠷᠡᠴᠢ ᠪᠠᠷᠢᠮᠲᠠ ᠨᠢ ᠭᠦᠢᠴᠡᠳ ᠪᠥᠭᠡᠳ ᠲᠣᠬᠢᠷᠠᠮᠵᠢᠲᠠᠶ᠂ ᠴᠢᠨᠠᠷ ᠢ ᠲᠣᠭᠲᠠᠭᠠᠭᠰᠠᠨ ᠨᠢ ᠣᠨᠣᠪᠴᠢᠲᠠᠶ᠂ | ᠰᠢᠢᠳᠪᠦᠷᠢᠯᠡᠭᠰᠡᠨ ᠨᠢ ᠪᠣᠳᠠᠲᠠᠶ᠂ ᠪᠢᠴᠢᠭ ᠬᠠᠷ᠎ᠠ ᠨᠢ ᠵᠢᠷᠤᠮᠵᠢᠯ ᠲᠠᠢ ᠪᠠᠶᠢᠬᠤ ᠶᠢ ᠪᠡᠶᠡᠯᠡᠭᠦᠯᠵᠦ᠂ ᠬᠢᠨᠠᠨ ᠪᠤᠳᠤᠬᠤ | ᠲᠥᠷᠥᠯ ᠵᠦᠢᠯ ᠤᠨ ᠶᠠᠰᠤ ᠴᠢᠨᠠᠷ ᠨᠢ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠪᠠ᠃ ᠡᠭᠦᠨ ᠤ | ᠬᠠᠮᠲᠤ ᠬᠢᠨᠠᠨ ᠪᠤᠳᠤᠬᠤ ᠲᠤᠰᠬᠠᠶ ᠮᠡᠷᠭᠡᠵᠢᠯ ᠤᠨ ᠠᠷᠭ᠎ᠠ ᠶᠢ ᠢᠳᠡᠪᠬᠢᠲᠡᠶ ᠬᠡᠷᠡᠭᠯᠡᠵᠦ᠂ ᠲᠣᠮᠣ ᠳ᠋ᠠᠶᠢᠲ᠋ᠠ ᠶᠢᠨ ᠬᠢᠨᠠᠨ | ᠪᠤᠳᠤᠬᠤ ᠠᠵᠢᠯ ᠤᠨ ᠠᠷᠭ᠎ᠠ ᠶᠢ ᠭᠦᠢᠴᠡᠳ ᠠᠰᠢᠭᠯᠠᠨ ᠳ᠋ᠠᠶᠢᠲ᠋ᠠ ᠶᠢ ᠰᠢᠭᠰᠢᠨ ᠪᠠᠶᠢᠴᠠᠭᠠᠵᠤ᠂ ᠲᠣᠮᠣ ᠳ᠋ᠠᠶᠢᠲ᠋ᠠ ᠶᠢᠨ | ᠬᠢᠨᠠᠨ ᠪᠤᠳᠤᠬᠤ ᠠᠷᠭ᠎ᠠ ᠶᠢᠨ ᠮᠡᠷᠭᠡᠵᠢᠯ ᠤᠨ ᠬᠡᠷᠡᠭᠯᠡᠯᠲᠡ ᠪᠠ ᠲᠦᠭᠡᠮᠡᠯᠵᠢᠯᠲᠡ ᠶᠢ ᠠᠬᠢᠭᠤᠯᠤᠨ ᠳᠠᠶᠢᠴᠢᠯᠠᠵᠤ᠂ | ᠡᠭᠦᠨ ᠢᠶᠠᠷ ᠬᠢᠨᠠᠨ ᠪᠤᠳᠤᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠭᠤᠷᠪᠠ ᠳᠤ ᠬᠢᠨᠠᠨ ᠪᠤᠳᠤᠯᠳᠠ ᠶᠢᠨ ᠦᠷ᠎ᠡ ᠪᠦᠲᠦᠭᠡᠯ ᠢ ᠴᠢᠬᠤᠯᠠᠴᠢᠯᠠᠵᠤ᠂ ᠬᠢᠨᠠᠨ ᠪᠤᠳᠤᠯᠳᠠ ᠶᠢᠨ ᠴᠡᠭᠴᠡᠯᠡᠨ | ᠰᠠᠶᠢᠵᠢᠷᠠᠭᠤᠯᠤᠯᠳᠠ ᠶᠢᠨ ᠰᠡᠭᠦᠯᠴᠢ ᠶᠢᠨ ᠠᠵᠢᠯ ᠢ ᠰᠠᠶᠢᠲᠤᠷ ᠬᠢᠨ᠎ᠡ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ | ᠡᠬᠡ ᠲᠠᠩᠰᠠ ᠶᠢ ᠪᠠᠶᠢᠭᠤᠯᠵᠤ᠂ ᠳᠠᠬᠢᠨ ᠳᠠᠪᠲᠠᠨ ᠵᠣᠬᠢᠴᠠᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ | ᠪᠤᠳᠤᠵᠤ ᠬᠠᠷᠢᠭᠤ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠢᠯᠠᠩᠭᠤᠶ᠎ᠠ ᠬᠢᠨᠠᠨ ᠪᠤᠳᠤᠬᠤ ᠲᠤᠰᠬᠠᠶ ᠰᠣᠨᠢᠨ᠂ ᠲᠦᠷᠢᠮ ᠲᠣᠭᠲᠠᠭᠠᠯ | ᠲᠣᠭᠲᠠᠭᠠᠬᠤ ᠵᠡᠷᠭᠡ ᠲᠠᠯ᠎ᠠ ᠪᠠᠷ ᠦᠨᠡᠨ ᠬᠦ ᠬᠦᠴᠦ ᠣᠷᠣᠭᠤᠯᠵᠤ᠂ ᠬᠢᠨᠠᠨ ᠪᠤᠳᠤᠬᠤ ᠲᠥᠷᠥᠯ ᠵᠦᠢᠯ ᠢ | ᠢᠯᠡᠷᠡᠭᠦᠯᠦᠭᠰᠡᠨ ᠪᠠ ᠲᠤᠰᠬᠠᠭᠰᠠᠨ ᠠᠵᠤ ᠠᠬᠤᠶ ᠶᠢᠨ ᠠᠵᠢᠯᠯᠠᠭᠠᠨ ᠤ ᠠᠶᠤᠯ ᠲᠦᠭᠰᠢᠭᠦᠷᠢ ᠪᠠ ᠳᠠᠯᠳᠠ ᠬᠡᠮ ᠤᠨ | ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ | ᠬᠠᠷᠢᠭᠤ ᠮᠡᠳᠡᠭᠦᠯᠵᠦ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢ ᠱᠠᠯᠠᠪᠳᠠᠭᠤᠯᠵᠦ ᠪᠠᠶᠢᠭᠠᠳ ᠬᠠᠮᠢᠶ᠎ᠠ ᠪᠥᠬᠦᠶ | ᠲᠦᠷᠢᠮ ᠲᠣᠭᠲᠠᠴᠠ ᠶᠢ ᠨᠡᠶᠢᠲᠡᠯᠡᠵᠦ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢᠨ ᠵᠠᠰᠠᠭ ᠤᠨ ᠣᠷᠳᠣᠨ ᠤ | ᠠᠵᠢᠯ ᠤᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠰᠠᠭᠤᠳᠠᠯ ᠳᠠᠭᠢᠵᠤ ᠭᠠᠷᠬᠤ ᠶᠢ ᠡᠷᠡᠰ | ᠬᠤᠷᠢᠭᠯᠠᠨ᠎ᠠ᠃ | | |